ᠮᠠᠨ ᠤ ᠤᠷᠤᠨ 7 ᠵᠦᠢᠯ ᠤᠨ ᠡᠭᠦᠷᠭᠡ ᠶᠢ ᠪᠠᠶᠢᠷᠢᠯᠠᠭᠤᠯᠵᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠠᠰ ᠳᠡᠪᠰᠢᠭᠦᠯᠬᠦ ᠬᠡᠪ ᠢ ᠴᠤᠬᠴᠠᠯᠠᠵᠦ ᠪᠤᠢ
ᠨᠡᠶᠢᠲᠡᠯᠡᠭᠰᠡᠨ ᠴᠠᠭ᠄
2025/5/29
    ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠠᠮᠲᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠠᠰ ᠳᠡᠪᠰᠢᠬᠦᠯᠬᠦ ᠬᠡᠪ ᠢ ᠪᠥᠬᠦ ᠬᠦᠴᠦᠨ ᠢᠶᠠᠷ ᠴᠤᠬᠴᠠᠯᠠᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠶᠡᠭᠡ ᠪᠠᠷ ᠭᠦᠨᠵᠡᠭᠡᠶᠢᠷᠡᠭᠦᠯᠦᠨ᠂ ᠮᠠᠨ ᠤ ᠤᠷᠤᠨ ᠤ ᠣᠨᠴᠠᠯᠢᠭ ᠲᠠᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠳᠡᠰ ᠳᠡᠪᠰᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠪᠤᠯᠪᠠ᠃    ︽ᠰᠠᠨᠠᠯ︾᠎ ᠨᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ  ᠳᠣᠣᠱᠯᠠᠭᠤᠯᠣᠨ ᠨᠠᠶᠢᠳᠠᠪᠤᠷᠢᠵᠢᠭᠤᠯᠵᠤ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ︾ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠭᠤᠤᠯ ᠱᠠᠭᠠᠷᠳᠠᠯᠭ᠎ᠠ ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠲᠠᠢ ᠤᠶᠠᠯᠳᠤᠭᠤᠯᠤᠨ᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠵᠡᠷᠭᠡ ᠶᠡᠭᠡ ᠲᠠᠯ᠎ᠠ ᠶᠢᠨ ᠡᠭᠦᠷᠭᠡ ᠶᠢ ᠬᠡᠷᠡᠭᠵᠢᠭᠦᠯᠵᠤ᠂ ᠠᠵᠢᠯ ᠤᠨ ᠲᠤᠷᠰᠢᠯᠭ᠎ᠠ ᠠᠷᠭ᠎ᠠ ᠬᠢᠳᠡᠯ ᠢᠶᠠᠨ ᠭᠦᠨᠵᠡᠭᠡᠶ ᠳ᠋ᠦᠩᠨᠡᠵᠤ᠂ ᠠᠰᠠᠭᠤᠳᠠᠯ ᠤᠨ ᠥᠷᠢᠰᠥᠯᠳᠦᠭᠡᠨ ᠢ ᠣᠨᠣᠪᠴᠢᠲᠠᠶ ᠵᠠᠳᠠᠯᠤᠭᠰᠠᠨ ᠰᠠᠭᠤᠷᠢᠨ ᠳᠡᠭᠡᠷ᠎ᠡ᠂ ᠡᠭᠦᠳᠦᠨ ᠪᠠᠶᠢᠭᠤᠯᠬᠤ ᠠᠵᠢᠯ ᠤᠨ ᠴᠠᠭ ᠦᠶ᠎ᠡ ᠶᠢᠨ ᠠᠭᠤᠯᠤᠭᠳᠠᠬᠤᠨ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠡᠭᠦᠳᠦᠨ ᠪᠠᠶᠢᠭᠤᠯᠬᠤ ᠠᠵᠢᠯ ᠤᠨ ᠬᠡᠯᠪᠡᠷᠢ ᠪᠠ ᠠᠷᠭ᠎ᠠ ᠪᠠᠷᠢᠯ ᠢ ᠪᠠᠶᠠᠯᠢᠭᠵᠢᠭᠤᠯᠵᠤ᠂ ᠠᠵᠢᠯ ᠤᠨ ᠠᠴᠢᠶᠠᠯᠠᠪᠤᠷᠢ ᠶᠢᠨ ᠠᠷᠭ᠎ᠠ ᠳᠤ ᠰᠢᠨ᠎ᠡ ᠶᠢ ᠡᠭᠦᠳᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠢᠳᠡᠪᠬᠢᠲᠡᠶ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ᠂ ᠬᠠᠮᠲᠤ ᠶᠢᠨ ᠤᠬᠠᠮᠰᠠᠷ᠂ ᠡᠵᠡᠨ ᠬᠥᠮᠦᠨ ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠶ ᠣᠷᠣᠯᠴᠠᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠤᠬᠠᠮᠰᠠᠷ ᠠᠴᠠ ᠪᠠᠨ ᠠᠭᠤᠰᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠥᠪᠥᠷ ᠮᠣᠩᠭᠤᠯ ᠤᠨ ᠬᠠᠭᠤᠳᠠᠰᠤ ᠶᠢ ᠬᠠᠮᠲᠤ ᠪᠠᠷ ᠪᠢᠴᠢᠭᠯᠡᠬᠦ ᠪᠤᠯᠤᠨ᠎ᠠ᠃    ︽ᠰᠠᠨᠠᠯ︾᠎ ᠳᠤ᠂ ᠶᠠᠮᠠᠷ ᠶᠠᠩᠵᠤ ᠶᠢᠨ ᠲᠠᠰ ᠳᠡᠪᠰᠢᠬᠦᠯᠬᠦ ᠬᠡᠪ ᠢ ᠴᠤᠬᠴᠠᠯᠠᠬᠤ ᠳᠤᠬᠠᠢ ᠴᠢᠭᠯᠡᠯ ᠪᠠ ᠰᠡᠳᠭᠢᠮᠵᠢ ᠶᠢ ᠲᠣᠳᠣᠷᠬᠠᠶᠢᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠵᠣᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢᠨ ᠠᠵᠢᠯ ᠤᠨ ᠲᠠᠯ᠎ᠠ ᠪᠠᠷ ᠲᠠᠰ ᠳᠡᠪᠰᠢᠭᠦᠯᠬᠦ᠂ ᠠᠵᠢᠯ ᠤᠨ ᠭᠤᠤᠯ ᠰᠢᠵᠢᠮ ᠢ ᠳᠣᠣᠱᠯᠠᠭᠤᠯᠬᠤ ᠲᠠᠯ᠎ᠠ ᠪᠠᠷ ᠲᠠᠰ ᠳᠡᠪᠰᠢᠭᠦᠯᠬᠦ᠂ ᠬᠠᠮᠵᠢᠯᠴᠠᠬᠤ ᠲᠣᠭᠲᠠᠴᠠ ᠶᠢ ᠴᠢᠩᠭᠠᠳᠬᠠᠬᠤ ᠲᠠᠯ᠎ᠠ ᠪᠠᠷ ᠲᠠᠰ ᠳᠡᠪᠰᠢᠭᠦᠯᠬᠦ᠂ ᠮᠠᠨ ᠤ ᠤᠷᠤᠨ ᠤ ᠬᠡᠪ ᠨᠠᠮᠪᠠ ᠶᠢ ᠢᠯᠡᠷᠡᠭᠦᠯᠬᠦ ᠲᠠᠯ᠎ᠠ ᠪᠠᠷ ᠲᠠᠰ ᠳᠡᠪᠰᠢᠭᠦᠯᠬᠦ᠂ ᠠᠷᠭ᠎ᠠ ᠪᠠᠷᠢᠯ ᠢ ᠪᠠᠶᠠᠯᠢᠭᠵᠢᠭᠤᠯᠬᠤ ᠬᠡᠯᠪᠡᠷᠢ ᠶᠢᠨ ᠲᠠᠯ᠎ᠠ ᠪᠠᠷ ᠲᠠᠰ ᠳᠡᠪᠰᠢᠭᠦᠯᠬᠦ᠂ ᠠᠴᠢᠶᠠᠯᠠᠪᠤᠷᠢ ᠶᠢᠨ ᠠᠷᠭ᠎ᠠ ᠶᠢᠨ ᠰᠢᠨ᠎ᠡ ᠶᠢ ᠡᠭᠦᠳᠬᠦ ᠲᠠᠯ᠎ᠠ ᠪᠠᠷ ᠲᠠᠰ ᠳᠡᠪᠰᠢᠭᠦᠯᠬᠦ᠂ ᠡᠯ᠎ᠡ ᠡᠲᠡᠭᠡᠳ ᠤᠨ ᠬᠠᠮᠲᠤᠷᠠᠯ ᠬᠦᠴᠦᠨ ᠢ ᠨᠢᠭᠲᠠᠷᠠᠭᠤᠯᠬᠤ ᠲᠠᠯ᠎ᠠ ᠪᠠᠷ ᠲᠠᠰ ᠳᠡᠪᠰᠢᠭᠦᠯᠬᠦ︾ 7 ᠵᠦᠢᠯ ᠤᠨ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠨᠠᠷᠢᠯᠢᠭ ᠣᠨᠣᠪᠴᠢᠳᠠᠢ ᠪᠠᠷ ᠬᠦᠴᠦᠯᠡᠬᠦ ᠬᠡᠷᠡᠭᠲᠡᠶ ᠭᠡᠵᠦ ᠱᠠᠭᠠᠷᠳᠠᠪᠠ᠃    ︽ᠰᠠᠨᠠᠯ︾᠎ ᠳᠤ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠣᠷᠣᠨ ᠪᠦᠰᠡ ᠠᠵᠢᠯ ᠲᠥᠷᠥᠯ ᠠᠯᠤᠰᠯᠠᠨ ᠬᠤᠯᠪᠣᠭᠠᠯᠠᠨ ᠪᠠᠶᠢᠭᠤᠯᠵᠤ ᠬᠠᠮᠲᠤ ᠪᠠᠷ ᠡᠭᠦᠳᠴᠦ ᠰᠣᠯᠢᠯᠴᠠᠬᠤ ᠲᠣᠭᠲᠠᠴᠠ ᠶᠢ ᠪᠠᠶᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠦᠷᠢᠮ ᠲᠣᠭᠲᠠᠴᠠ ᠶᠢ ᠪᠦᠷᠢᠨᠰᠢᠭᠦᠯᠵᠤ᠂ ᠤᠨᠤᠯ ᠤᠨ ᠰᠤᠳᠤᠯᠭᠠᠨ ᠤ ᠬᠦᠴᠦᠨ ᠪᠠ ᠦᠨᠳᠦᠰᠦᠨ ᠱᠠᠲᠤᠨ ᠤ ᠦᠢᠯᠡᠳᠦᠯᠭᠡ ᠶᠢᠨ ᠡᠬᠢ ᠪᠠᠶᠠᠯᠢᠭ ᠤᠨ ᠬᠠᠮᠵᠢᠯᠴᠠᠨ ᠬᠠᠷᠢᠯᠴᠠᠨ ᠠᠰᠢᠭ ᠬᠦᠷᠲᠠᠬᠡᠬᠦ ᠲᠣᠭᠲᠠᠴᠠ ᠶᠢ ᠪᠠᠶᠢᠭᠤᠯᠤᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠪᠠ ᠪᠤᠶᠢᠵᠢᠭᠤᠯᠬᠤ ᠲᠣᠭᠲᠠᠴᠠ ᠶᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠤᠮᠠᠷᠠᠲᠤ ᠬᠢᠯᠢ ᠶᠢᠨ ᠰᠣᠶᠣᠯ ᠳᠤ ᠦᠨᠳᠦᠰᠦᠯᠡᠭᠦᠯᠦᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠱᠤᠭᠤᠬᠤ ᠠᠵᠢᠯᠯᠠᠭ᠎ᠠ ᠶᠢ ᠴᠢᠬᠤᠯᠠᠴᠢᠯᠠᠵᠤ᠂ ᠪᠣᠳᠠᠲᠤ ᠠᠴᠢᠶᠠᠯᠠᠪᠤᠷᠢ ᠪᠠᠷ ᠡᠭᠦᠳᠦᠨ ᠪᠠᠶᠢᠭᠤᠯᠬᠤ ᠬᠠᠮᠲᠤᠷᠠᠯ ᠬᠦᠴᠦᠨ ᠢ ᠨᠢᠭᠲᠠᠷᠠᠭᠤᠯᠵᠤ᠂ ᠠᠭᠤᠰᠤᠯᠴᠠᠭᠤᠯᠬᠤ ᠤᠳᠤᠷᠢᠳᠤᠮᠵᠢ ᠪᠠᠷ ᠡᠭᠦᠳᠦᠨ ᠪᠠᠶᠢᠭᠤᠯᠬᠤ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠪᠢᠴᠢᠯ ᠬᠦᠴᠦᠨ ᠢᠶᠠᠷ ᠵᠢᠬᠰᠠᠭᠠᠯ ᠤᠨ ᠰᠠᠭᠤᠷᠢᠨ ᠢ ᠡᠭᠦᠳᠦᠨ ᠪᠠᠶᠢᠭᠤᠯᠬᠤ︾ ᠵᠡᠷᠭᠡ 21 ᠵᠦᠢᠯ ᠤᠨ ᠪᠣᠳᠠᠲᠠᠶ ᠰᠢᠨ᠎ᠡ ᠶᠢ ᠡᠭᠦᠳᠬᠦ ᠠᠷᠭ᠎ᠠ ᠪᠠᠷᠢᠯ ᠢ ᠳᠤᠷᠠᠳᠴᠦ᠂ ᠰᠢᠨ᠎ᠡ ᠴᠠᠭ ᠦᠶ᠎ᠡ ᠶᠢᠨ ᠡᠭᠦᠳᠦᠨ ᠪᠠᠶᠢᠭᠤᠯᠬᠤ ᠠᠵᠢᠯ ᠤᠨ ᠳᠡᠰ ᠳᠡᠪᠰᠢᠬᠦᠯᠬᠦ ᠬᠡᠪ ᠢ ᠬᠡᠷᠬᠢᠨ ᠴᠣᠭᠴᠠᠯᠠᠨ ᠪᠠᠶᠢᠭᠤᠯᠬᠤ ᠪᠣᠳᠠᠲᠠᠶ ᠠᠷᠭ᠎ᠠ ᠬᠡᠮᠵᠢᠶ᠎ᠡ ᠪᠠ ᠠᠷᠭ᠎ᠠ ᠵᠠᠮ ᠢ ᠲᠣᠳᠣᠷᠬᠠᠶᠢᠯᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号