ᠰᠠᠬᠢᠯᠭ᠎ᠠ ᠪᠠᠲᠤ ᠶᠢᠨ ᠪᠠᠶᠢᠭᠤᠯᠤᠯᠲᠠ ᠪᠣᠯ ᠶᠠᠭ ᠡᠷᠬᠢ ᠱᠤᠷᠠᠭ ᠢ ᠮᠤᠰᠬᠢᠬᠤ ᠲᠠᠢ ᠠᠳᠠᠯᠢ᠂ ᠡᠷᠬᠡᠪᠰᠢ ᠴᠠᠭ | ᠢᠮᠠᠭᠲᠠ ᠴᠢᠩᠭ᠎ᠠ ᠠᠴᠠ ᠴᠢᠩᠭ᠎ᠠ ᠪᠠᠶᠢᠯᠭᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠦᠨᠵᠡᠭᠡᠶᠢᠷᠡᠭᠦᠯᠦᠨ ᠠᠬᠢᠭᠤᠯᠵᠤ ᠪᠠᠶᠢᠭ᠎ᠠ ᠰᠢᠨ᠎ᠡ ᠪᠠᠶᠢᠳᠠᠯ ᠳᠣᠣᠷ᠎ᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠡᠷᠡᠰ ᠨᠠᠶᠢᠳᠠᠪᠤᠷᠢᠵᠢᠭᠤᠯᠬᠤ ᠳᠤ᠂ ︽ᠴᠢᠩᠭ᠎ᠠ ᠪᠠᠶᠢᠬᠤ︾ ᠭᠤᠣᠯ ᠬᠦᠭ ᠠᠶᠠᠰ ᠢ ᠢᠮᠠᠭᠲᠠ | ᠪᠠᠷᠢᠮᠲᠠᠯᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠲᠡᠮᠦᠷ ᠮᠡᠲᠦ | ᠴᠢᠩᠭ᠎ᠠ ᠬᠠᠲᠠᠭᠤ ᠲᠣᠭᠲᠠᠭᠠᠯ ᠢᠶᠠᠷ ᠬᠦᠴᠦᠯᠡᠵᠦ᠂ ᠴᠠᠭᠠᠵᠠ ᠵᠠᠷᠯᠢᠭ ᠢᠶᠠᠷ ᠰᠦᠷ ᠬᠦᠴᠦᠨ ᠲᠠᠢ ᠪᠠᠶᠢᠬᠤ ᠶᠢ | ᠪᠠᠳᠤᠯᠠᠬᠤ ᠬᠡᠷᠡᠭᠲᠡᠢ᠃ | ᠣᠶᠢᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ | ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ︾ ᠢ ᠳᠠᠷᠤᠮᠠᠯᠯᠠᠨ ᠲᠠᠷᠬᠠᠭᠠᠵᠤ᠂ | ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠨᠠᠮ ᠵᠠᠰᠠᠭ ᠤᠨ ᠪᠠᠶᠢᠭᠤᠯᠭ᠎ᠠ ᠶᠢᠨ ᠲᠦᠷᠦᠭᠦᠯᠡᠨ ᠬᠢᠵᠤ ᠠᠷᠪᠢᠯᠠᠨ | ᠭᠠᠮᠨᠠᠬᠤ ᠶᠢ ᠡᠰᠡᠷᠭᠦᠴᠡᠬᠦ ᠳᠦᠷᠢᠮ ᠤᠨ ᠡᠷᠬᠢ ᠱᠤᠷᠠᠭ ᠢ ᠤᠯᠠᠮ ᠨᠢᠭᠡ ᠠᠯᠬᠤᠮ ᠴᠢᠩᠭᠠᠯᠠᠵᠤ᠂ ᠳᠦᠷᠢᠮ ᠤᠨ | ᠰᠢᠩᠭᠡᠯᠢᠭ ᠢ ᠰᠢᠨᠲᠠᠷᠠᠰᠢ ᠦᠭᠡᠢ ᠴᠢᠩᠭᠠᠯᠠᠬᠤ ᠲᠤᠭᠳᠠᠯ ᠬᠦᠴᠦᠨ ᠪᠠ ᠡᠷᠡᠰ ᠵᠣᠷᠢᠭ ᠢ ᠢᠯᠡᠷᠡᠭᠦᠯᠪᠡ᠃ | ᠰᠠᠬᠢᠯᠭ᠎ᠠ ᠪᠠᠲᠤ ᠶᠢᠨ ᠡᠷᠬᠢ ᠱᠤᠷᠠᠭ ᠢ ᠴᠢᠩᠭᠠᠯᠠᠬᠤ ᠳᠤ᠂ ᠡᠩ ᠲᠡᠷᠢᠭᠦᠨ ᠳᠤ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠣᠳᠣᠬᠠᠨ ᠳᠤ ᠴᠥᠭᠡᠨ ᠲᠣᠭᠠᠨ ᠤ ᠨᠠᠮ ᠤᠨ | ᠭᠡᠰᠢᠭᠦᠨ ᠺᠠᠳ᠋ᠷ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠨᠠᠶᠢᠷ ᠲᠠᠯ᠎ᠠ ᠶᠢᠨ ᠶᠠᠪᠤᠯᠴᠠᠭ᠎ᠠ ᠪᠠᠷ ᠦᠵᠡᠵᠦ᠂ | ᠨᠤᠲᠤᠭ ᠤᠨ ᠣᠨᠴᠠ ᠭᠠᠷᠤᠯᠲᠠ ᠶᠢ ᠬᠦᠯᠢᠶᠡᠨ ᠠᠪᠬᠤ ᠶᠢ ︽ᠶᠠᠯᠢᠮ ᠦᠭᠡᠢ ᠵᠦᠢᠯ ᠬᠠᠮᠢᠶ᠎ᠠ ᠦᠭᠡᠢ ᠶᠠᠪᠤᠳᠠᠯ︾ | ᠭᠡᠮᠡᠨ ᠦᠵᠡᠵᠦ ᠪᠤᠢ᠃ ᠰᠤᠷᠲᠠᠯ ᠢᠯᠵᠠᠷᠠᠯ ᠪᠤᠯ ᠨᠢᠭᠡ ᠴᠣᠭᠴᠠ᠂ ᠦᠨᠳᠦᠰᠦ ᠰᠤᠷᠪᠤᠯᠵᠢ ᠨᠢᠭᠡᠲᠡᠢ ᠶᠤᠮ᠂ ᠡᠳᠡᠭᠡᠷ | ᠪᠤᠷᠤᠭᠤ ᠲᠠᠨᠢᠯᠲᠠ ᠶᠢ ᠴᠠᠭ ᠲᠤᠬᠠᠢ ᠳᠤᠨᠢ ᠵᠠᠯᠠᠷᠠᠭᠤᠯᠬᠤ ᠦᠭᠡᠢ ᠪᠣᠯ ᠰᠠᠬᠢᠯᠭ᠎ᠠ ᠪᠠᠲᠤ ᠶᠢᠨ ᠰᠡᠷᠭᠡᠶᠢᠯᠡᠯᠲᠡ ᠶᠢᠨ | ᠱᠤᠭᠤᠮ ᠢ ᠰᠦᠢᠷᠡᠭᠦᠯᠬᠦ ᠨᠢ ᠵᠠᠶᠢᠯᠠᠰᠢ ᠦᠭᠡᠢ ᠶᠤᠮ᠃ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ | ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠵᠠᠪᠠᠯ ᠰᠤᠷᠬᠤ ᠬᠢᠴᠢᠶᠡᠯ | ᠪᠣᠯᠭᠠᠵᠤ᠂ ᠨᠠᠮ ᠤᠨ ᠭᠡᠰᠢᠭᠦᠨ ᠺᠠᠳ᠋ᠷ ᠨᠢᠭᠡᠪᠦᠷᠢ ᠶᠢ ᠰᠡᠳᠬᠢᠯ ᠤᠨ ᠭᠦᠨ ᠠᠴᠠ ᠪᠠᠨ ᠰᠡᠷᠭᠡᠶᠢᠯᠡᠯᠲᠡ ᠶᠢᠨ ᠱᠤᠭᠤᠮ ᠢ | ᠪᠠᠲᠤ ᠪᠠᠶᠢᠭᠤᠯᠵᠤ᠂ ︽ᠨᠢᠭᠡ ᠬᠠᠶᠢᠷᠴᠠᠭ ᠲᠠᠮᠠᠬᠢ᠂ ᠨᠢᠭᠡ ᠯᠣᠩᠬᠤ ᠠᠷᠢᠬᠢ᠂ ᠨᠢᠭᠡ ᠡᠷᠡᠨ ᠤ ᠬᠤᠭᠤᠯᠠ︾ ᠵᠡᠷᠭᠡ | ᠦᠵᠡᠬᠦ ᠳᠤ ᠬᠥᠩᠭᠡᠪᠲᠦᠷ ᠰᠤᠷᠲᠠᠯ ᠤᠨ ᠠᠰᠠᠭᠤᠳᠠᠯ ᠤᠨ ᠬᠤᠣᠷ ᠬᠥᠨᠥᠭᠡᠯ ᠢ ᠲᠣᠳᠣᠷᠬᠠᠢ ᠲᠠᠨᠢᠭᠤᠯᠵᠤ᠂ ᠪᠢᠰᠢᠷᠡᠨ | ᠵᠢᠷᠦᠬᠡᠰᠢᠶᠡᠬᠦ᠂ ᠰᠡᠷᠡᠮᠵᠢᠯᠡᠨ ᠬᠢᠴᠢᠶᠡᠬᠦ᠂ ᠬᠤᠷᠢᠭ᠎ᠠ ᠱᠤᠭᠤᠮ ᠢ ᠪᠠᠳᠤ ᠰᠠᠬᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | ᠰᠠᠬᠢᠯᠭ᠎ᠠ ᠪᠠᠲᠤ ᠶᠢᠨ ᠡᠷᠬᠢ ᠱᠤᠷᠠᠭ ᠢ ᠴᠢᠩᠭᠠᠯᠠᠬᠤ ᠳᠤ᠂ ᠵᠠᠩᠭᠢᠯᠠᠭ᠎ᠠ ᠨᠢ ᠳᠦᠷᠢᠮ ᠢ ᠬᠡᠷᠡᠭᠵᠢᠭᠦᠯᠬᠦ ᠳᠤ | ᠲᠦᠰᠢᠭᠯᠡᠬᠦ ᠬᠡᠷᠡᠭᠳᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠳᠤ ︽ᠳᠥᠷᠪᠡᠨ ᠰᠤᠷᠲᠠᠯ︾ ᠢ | ᠵᠠᠯᠠᠷᠠᠭᠤᠯᠤᠨ ᠵᠠᠰᠠᠬᠤ᠂ ᠢᠯᠠᠩᠭᠤᠶ᠎ᠠ ᠱᠠᠯᠢᠨ ᠪᠦᠷᠢᠯᠭᠡᠬᠦ ᠦᠵᠡᠭᠳᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠳᠤ | ᠴᠢᠭᠯᠡᠭᠦᠯᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠴᠢᠩᠳᠠᠯᠠᠨ᠂ ᠳᠦᠷᠢᠮ ᠢ ᠨᠡᠩ | ᠴᠢᠩᠳᠠᠯᠠᠪᠠ᠃ ᠢᠵᠢ ᠪᠦᠷᠢᠳᠦᠭᠰᠡᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠪᠣᠳᠠᠲᠠᠢ ᠲᠣᠭᠲᠠᠭᠠᠯ ᠢ | ᠨᠠᠷᠢᠯᠢᠭᠵᠢᠭᠤᠯᠵᠤ᠂ ᠬᠡᠷᠡᠭᠵᠢᠭᠦᠯᠦᠯᠲᠡ ᠶᠢ ᠨᠡᠩ ᠦᠨᠳᠦᠰᠦ ᠪᠠᠷᠢᠮᠲᠠ ᠲᠠᠢ᠂ ᠬᠢᠨᠠᠯᠲᠠ ᠶᠢ ᠨᠡᠩ ᠭᠠᠷᠳᠡᠴᠡ ᠲᠠᠢ | ᠪᠣᠯᠭᠠᠬᠤ ᠬᠡᠷᠡᠭᠲᠡᠢ᠃ ᠡᠭᠦᠨ ᠤ ᠵᠡᠷᠭᠡ ᠪᠠᠷ ᠳᠦᠷᠢᠮ ᠤᠨ ᠴᠢᠩᠭ᠎ᠠ ᠬᠠᠲᠠᠭᠤ ᠴᠢᠨᠠᠷ ᠢ ᠴᠢᠩᠭᠠᠳᠬᠠᠵᠤ᠂ ᠥᠷᠭᠡᠨ | ᠣᠯᠠᠨ ᠨᠠᠮ ᠤᠨ ᠭᠡᠰᠢᠭᠦᠨ ᠺᠠᠳ᠋ᠷᠴᠤᠳ ᠢ ᠰᠠᠬᠢᠯᠭ᠎ᠠ ᠪᠠᠲᠤ ᠶᠢ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ | ᠪᠠᠶᠢᠯᠭᠠᠵᠤ᠂ ᠰᠠᠬᠢᠯᠭ᠎ᠠ ᠪᠠᠲᠤ ᠲᠠᠢ ᠬᠠᠯᠳᠠᠭᠰᠠᠳ ᠢ ᠴᠢᠩᠭ᠎ᠠ ᠰᠶᠢᠳᠪᠦᠷᠢᠯᠡᠨ᠂ ᠴᠡᠭᠡᠷᠯᠡᠯ ᠪᠣᠯᠭᠠᠵᠤ᠂ ᠡᠯ᠎ᠡ | ᠵᠦᠢᠯ ᠤᠨ ᠰᠠᠬᠢᠯᠭ᠎ᠠ ᠪᠠᠲᠤ ᠶᠣᠰᠣ ᠳᠦᠷᠢᠮ ᠢ ᠦᠨᠡᠨ ᠬᠦ ᠬᠦᠨᠳᠡᠵᠤ ᠪᠤᠯᠤᠰᠢ ᠦᠬᠡᠢ ︽ᠥᠨᠳᠥᠷ ᠬᠦᠴᠦᠳᠡᠯᠲᠦ | ᠴᠠᠬᠢᠯᠭᠠᠨ ᠤᠲᠠᠰᠤ︾ ᠪᠣᠯᠭᠠᠬᠤ ᠬᠡᠷᠡᠭᠲᠡᠢ᠃ | ᠰᠠᠬᠢᠯᠭ᠎ᠠ ᠪᠠᠲᠤ ᠶᠢᠨ ᠡᠷᠬᠢ ᠱᠤᠷᠠᠭ ᠢ ᠴᠢᠩᠭᠠᠯᠠᠬᠤ ᠳᠤ᠂ ᠪᠠᠶᠢᠩᠭᠤ ᠠᠳᠬᠤᠵᠤ ᠤᠷᠳᠤ ᠬᠤᠭᠤᠴᠠᠭ᠎ᠠ ᠪᠠᠷ | ᠠᠳᠬᠤᠬᠤ ᠪᠠᠷ ᠭᠤᠣᠯᠳᠠᠯᠭ᠎ᠠ ᠪᠣᠯᠭᠠᠬᠤ ᠬᠡᠷᠡᠭᠳᠡᠢ᠃ ︽ᠨᠢᠬᠡᠨ ᠵᠡᠷᠬᠡ ᠶᠢᠨ ᠰᠠᠯᠬᠢᠨ︾ ᠮᠠᠶ᠋ᠢᠭ ᠤᠨ ᠭᠡᠨᠡᠳᠲᠡ ᠶᠢᠨ | ᠴᠡᠭᠴᠡᠯᠡᠨ ᠵᠠᠰᠠᠯᠲᠠ ᠶᠢ ᠦᠷᠨᠢᠬᠦᠯᠦᠭᠡᠳ ᠯᠡ ᠪᠠᠶᠢᠵᠤ ᠪᠣᠯᠬᠤ ᠦᠭᠡᠢ ᠮᠥᠷᠲᠡᠭᠡᠨ ᠪᠠᠰᠠ ︽ᠲᠦᠷ ᠠᠮᠤᠰᠬᠢᠬᠦ︾ | ᠬᠤᠶᠢᠷᠭᠤᠰᠢᠬᠤ ᠪᠤᠳᠤᠯ ᠲᠠᠢ ᠪᠠᠶᠢᠵᠤ ᠪᠣᠯᠬᠤ ᠦᠭᠡᠢ᠃ ᠰᠠᠬᠢᠯᠭ᠎ᠠ ᠪᠠᠲᠤ ᠶᠢᠨ ᠬᠢᠨᠠᠯᠲᠠ ᠲᠠᠯᠪᠢᠬᠤ ᠶᠢ ᠡᠳᠦᠷ | ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠦᠨᠡᠨ ᠬᠦ ᠬᠠᠮᠢᠶᠠᠷᠴᠤ ᠦᠨᠡᠨ ᠬᠦ ᠴᠢᠩᠭ᠎ᠠ ᠪᠠᠶᠢᠵᠤ ᠬᠠᠰᠢ ᠶᠠᠰᠢ ᠪᠠᠶᠢᠵᠤ ᠪᠤᠯᠬᠤ ᠦᠭᠡᠢ᠂ ᠵᠣᠷᠢᠭᠲᠠᠢ ᠬᠠᠮᠢᠶᠠᠷᠴᠤ | ᠵᠣᠷᠢᠭᠲᠠᠢ ᠴᠢᠩᠭ᠎ᠠ ᠪᠠᠶᠢᠵᠤ ᠵᠥᠭᠡᠯᠡᠨ ᠤᠷᠤᠵᠤ ᠪᠤᠯᠬᠤ ᠦᠭᠡᠢ᠂ ᠤᠷᠳᠤ ᠬᠤᠭᠤᠴᠠᠭ᠎ᠠ ᠪᠠᠷ ᠬᠠᠮᠢᠶᠠᠷᠴᠤ ᠤᠷᠳᠤ | ᠬᠤᠭᠤᠴᠠᠭ᠎ᠠ ᠪᠠᠷ ᠴᠢᠩᠭ᠎ᠠ ᠪᠠᠶᠢᠵᠤ ᠬᠤᠶᠢᠷᠭᠤᠰᠢᠬᠤ ᠦᠭᠡᠢ ᠪᠠᠶᠢᠬᠤ ᠶᠢ ᠪᠡᠶᠡᠯᠡᠭᠦᠯᠵᠦ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ | ᠰᠤᠷᠲᠠᠯ ᠤᠨ ᠪᠠᠶᠢᠭᠤᠯᠤᠯᠲᠠ ᠶᠢᠨ ᠡᠷᠬᠢᠮ ᠨᠢ ᠪᠠᠷᠢᠮᠲᠠᠯᠠᠬᠤ ᠳᠤ ᠪᠤᠢ᠂ ᠬᠦᠴᠢᠷ ᠨᠢ ᠪᠠᠷᠢᠮᠲᠠᠯᠠᠬᠤ ᠳᠤ ᠪᠤᠢ᠂ | ᠠᠮᠵᠢᠯᠲᠠ ᠪᠦᠲᠦᠮᠵᠢ ᠨᠢ ᠴᠦ ᠪᠠᠷᠢᠮᠲᠠᠯᠠᠬᠤ ᠳᠤ ᠪᠤᠢ᠃ ︽ᠡᠭᠦᠷᠢᠳᠡ ᠵᠣᠭᠰᠣᠰᠢ ᠦᠭᠡᠢ︾ ᠬᠠᠳᠠᠨ ᠵᠣᠷᠢᠭ ᠪᠠ | ᠪᠠᠷᠢᠮᠲᠠᠯᠠᠯ ᠢᠶᠠᠷ ᠰᠦᠷ ᠬᠦᠴᠦᠲᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠴᠤᠬᠤᠶᠢᠯᠳᠠ ᠶᠢᠨ ᠴᠢᠨᠠᠷᠲᠠᠢ᠂ | ᠬᠡᠯᠪᠡᠷᠢᠯ ᠤᠨ ᠴᠢᠨᠠᠷᠲᠠᠢ᠂ ᠲᠠᠯᠳᠠ ᠴᠢᠨᠠᠷᠲᠠᠢ ᠠᠰᠠᠭᠤᠳᠠᠯ ᠢ ᠨᠢᠭᠲᠠ ᠠᠩᠬᠠᠷᠴᠤ᠂ ᠰᠠᠬᠢᠯᠭ᠎ᠠ ᠪᠠᠲᠤ ᠶᠢ ᠢᠮᠠᠭᠲᠠ ︽ | ᠴᠠᠬᠢᠯᠭᠠᠨ︾ ᠲᠠᠢ ᠪᠠᠶᠢᠯᠭᠠᠵᠤ᠂ ᠳᠦᠷᠢᠮ ᠢ ᠦᠷᠭᠦᠯᠵᠢᠯᠡᠨ ᠰᠦᠷ ᠬᠦᠴᠦᠨ ᠲᠠᠢ ᠪᠣᠯᠭᠠᠬᠤ ᠬᠡᠷᠡᠭᠲᠡᠢ᠃ |