︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠲᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠡᠭᠡ ᠬᠤᠷᠠᠯ | ᠬᠤᠷᠠᠯᠳᠤᠭᠤᠯᠵᠤ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 | ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠢᠭᠡ ᠪᠦᠯᠦᠭ ᠪᠦᠬᠦ ᠤᠯᠤᠰ ᠤᠨ ᠬᠥᠳᠡᠯᠮᠦᠷᠢ ᠶᠢᠨ | ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠪᠠᠷ ᠪᠤᠢ᠃ ᠡᠨᠡ ᠪᠣᠯ ᠨᠠᠮ ᠤᠨ | ᠬᠤᠷᠢᠳᠤᠭᠠᠷ ᠶᠡᠭᠡ ᠬᠤᠷᠠᠯ ᠠᠴᠠ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢ | ᠲᠣᠳᠣᠷᠬᠠᠶᠢᠯᠠᠭᠰᠠᠨ ᠤ ᠲᠠᠷᠠᠭ᠎ᠠ᠂ ᠠᠩᠬ᠎ᠠ ᠤᠳᠠᠭ᠎ᠠ ᠪᠦᠬᠦ ᠤᠯᠤᠰ ᠤᠨ ᠴᠢᠨᠠᠷᠲᠠᠢ ᠬᠥᠳᠡᠯᠮᠦᠷᠢ ᠶᠢᠨ ᠵᠢᠱᠢᠶᠡᠴᠢ ᠶᠢ | ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠵᠦ ᠪᠠᠶᠢᠭ᠎ᠠ ᠶᠠᠪᠤᠳᠠᠯ ᠪᠣᠯᠤᠨ᠎ᠠ᠂ ᠡᠨᠡ ᠨᠢ ᠪᠦᠬᠦ ᠨᠠᠮ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠡᠩ ᠣᠷᠭᠢᠯᠤᠮ᠎ᠠ ᠬᠠᠯᠠᠭᠤᠨ ᠰᠡᠳᠭᠢᠯᠭᠡ᠂ ᠨᠡᠩ | ᠰᠢᠷᠭᠠᠭᠤ ᠲᠡᠮᠡᠴᠡᠯ᠂ ᠨᠡᠩ ᠤᠶᠤᠨᠴᠢ ᠡᠭᠦᠳᠦᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠴᠡᠭᠡᠵᠢ ᠲᠦᠷᠢᠨ ᠬᠠᠷᠢᠭᠤᠴᠠᠯᠭ᠎ᠠ ᠡᠭᠦᠷᠭᠡᠯᠡᠵᠦ᠂ ᠴᠥᠬᠦᠷᠡᠰᠢ ᠦᠭᠡᠢ ᠲᠡᠮᠡᠴᠡᠬᠦ ᠶᠢ | ᠵᠣᠷᠢᠭᠵᠢᠭᠤᠯᠬᠤ ᠨᠢ ᠯᠠᠪᠲᠠᠢ ᠶᠤᠮ᠃ | ᠬᠥᠳᠡᠯᠮᠦᠷᠢᠯᠡᠬᠦ ᠪᠠᠷ ᠲᠠᠮᠵᠢᠨ ᠵᠣᠯ ᠵᠢᠷᠭᠠᠯᠲᠤ ᠠᠮᠢᠳᠤᠷᠠᠯ ᠢᠶᠠᠨ ᠴᠤᠭᠴᠠᠯᠠᠵᠤ᠂ ᠲᠡᠮᠡᠴᠡᠬᠦ ᠪᠠᠷ ᠲᠠᠮᠵᠢᠨ ᠠᠭᠤᠤ | ᠦᠢᠯᠡᠰ ᠢ ᠪᠦᠲᠦᠭᠡᠨ᠎ᠡ᠃ ᠰᠢᠨ᠎ᠡ ᠴᠠᠭ ᠦᠶ᠎ᠡ ᠠᠴᠠ ᠨᠠᠭᠠᠰᠢ ᠢᠯᠠᠩᠭᠤᠶ᠎ᠠ 2020 ᠣᠨ ᠠᠴᠠ ᠨᠠᠭᠠᠰᠢ᠂ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠦᠭ ᠲᠦᠮᠡᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠡᠷᠡᠮᠡᠬᠡᠶᠢᠯᠡᠨ ᠤᠷᠤᠭᠰᠢᠯᠠᠵᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ | ᠳᠡᠯᠡᠬᠡᠢ ᠶᠢᠨ ᠪᠠᠶᠢᠳᠠᠯ ᠪᠣᠯᠤᠨ ᠵᠠᠯᠭᠠᠭ᠎ᠠ ᠪᠠᠷ ᠢᠷᠡᠭᠰᠡᠨ ᠯᠤᠲᠤ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ | ᠪᠦᠲᠦᠮᠵᠢᠲᠡᠢ ᠠᠷᠭᠠᠴᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠢᠳᠡᠷᠡᠭᠦᠨ | ᠠᠯᠬᠤᠭ᠎ᠠ ᠶᠢ ᠠᠬᠢᠭᠤᠯᠵᠠᠢ᠃ ᠡᠨᠡ ᠬᠦ ᠲᠡᠦᠬᠡᠨ ᠶᠠᠪᠤᠴᠠ ᠳᠤ᠂ ᠡᠯ᠎ᠡ ᠠᠵᠢᠯ ᠲᠦᠷᠦᠯ ᠳᠤ ᠨᠢᠭᠡ ᠪᠦᠯᠦᠭ | ᠲᠡᠷᠢᠭᠦᠨ ᠤ ᠵᠢᠱᠢᠶᠡᠴᠢ ᠬᠥᠮᠦᠰ ᠴᠣᠯᠭᠤᠷᠠᠨ ᠭᠠᠷᠴᠠᠢ᠂ ᠡᠨᠡ ᠤᠳᠠᠭ᠎ᠠ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ | ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ 1670 ᠬᠥᠮᠤᠨ᠂ ᠪᠦᠬᠦ ᠤᠯᠤᠰ ᠤᠨ ᠲᠡᠷᠢᠭᠦᠨ ᠤ ᠠᠵᠢᠯᠳᠠᠨ | 756 ᠬᠥᠮᠤᠨ ᠪᠣᠯ ᠲᠦᠭ ᠲᠦᠮᠡᠨ ᠬᠥᠳᠡᠯᠮᠦᠷᠢᠴᠢᠨ ᠲᠦᠮᠡᠨ ᠤ ᠳᠤᠮᠳᠠᠬᠢ ᠭᠠᠷᠮᠠᠭᠠᠢ ᠲᠥᠯᠥᠭᠡᠯᠡᠭᠴᠢ ᠪᠣᠯᠤᠨ᠎ᠠ᠃ | ᠲᠡᠳᠡ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ | ᠵᠣᠷᠢᠭᠲᠠᠢ ᠪᠠᠷ ᠬᠠᠲᠠᠭᠤ ᠳᠠᠶᠢᠯᠠᠯᠳᠤᠭᠠᠨ ᠬᠢᠬᠦ᠂ ᠵᠣᠷᠢᠭᠲᠠᠢ ᠪᠠᠷ ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ | ᠴᠤᠭ ᠵᠢᠪᠬᠤᠭ᠎ᠠ ᠶᠢ ᠢᠯᠡᠷᠡᠭᠦᠯᠵᠦ᠂ ᠤᠯᠤᠰ ᠳᠠᠶᠠᠭᠠᠷ ᠲᠤ ᠭᠡᠷᠡᠯ ᠰᠠᠴᠤᠷᠠᠩᠭᠤᠢ ᠰᠤᠷᠤᠯᠴᠠᠬᠤ ᠳᠠᠭᠤᠷᠢᠶᠠᠯ ᠪᠤᠯᠵᠦ | ᠂ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠢ ᠬᠥᠭᠵᠢᠭᠡᠵᠡᠢ᠃ | ᠰᠢᠨ᠎ᠡ ᠴᠠᠭ ᠦᠶ᠎ᠡ ᠠᠴᠠ ᠨᠠᠭᠠᠰᠢᠬᠢ ᠡᠳᠡᠭᠡᠷ ᠵᠢᠯ ᠤᠳ ᠪᠣᠯ ᠲᠦᠢᠯ ᠤᠨ ᠶᠡᠷᠦ ᠪᠤᠰᠤ᠂ ᠲᠦᠢᠯ ᠤᠨ ᠬᠡᠪ ᠤᠨ | ᠪᠤᠰᠤ ᠶᠤᠮ᠂ ᠮᠠᠨ ᠤ ᠨᠠᠮ ᠢᠮᠠᠭᠲᠠ ᠠᠷᠠᠳ ᠲᠦᠮᠡᠨ ᠢ ᠴᠢᠩᠭ᠎ᠠ ᠲᠦᠰᠢᠭᠯᠡᠵᠦ᠂ ᠦᠵᠡᠬᠦ ᠳᠤ ᠢᠯᠠᠨ ᠳᠠᠪᠠᠵᠤ | ᠴᠢᠳᠠᠰᠢ ᠦᠭᠡᠢ ᠪᠡᠷᠬᠡ ᠪᠠᠷᠳᠠᠭ᠎ᠠ ᠨᠤᠭᠤᠳ ᠢ ᠢᠯᠠᠨ ᠳᠠᠪᠠᠵᠤ᠂ ᠲᠡᠦᠬᠡ ᠶᠢᠨ ᠬᠠᠭᠤᠳᠠᠰᠤᠨ ᠳᠤ ᠲᠡᠮᠳᠡᠭᠯᠡᠬᠦᠰᠢᠳᠠᠢ | ᠬᠠᠷᠢᠭᠤᠯᠲᠠ ᠶᠢᠨ ᠬᠠᠭᠤᠳᠠᠰᠤ ᠨᠤᠭᠤᠳ ᠢ ᠲᠤᠰᠢᠶᠠᠭᠰᠠᠨ ᠪᠠᠶᠢᠨ᠎ᠠ᠃ ᠬᠥᠮᠦᠨ ᠰᠠᠭᠤᠯᠭᠠᠭᠰᠠᠨ ᠰᠠᠨᠰᠠᠷ ᠤᠨ | ᠠᠶᠠᠯᠠᠯ ᠤᠨ ᠦᠢᠯᠡᠰ ᠤᠨ ᠢᠯᠠᠯᠲᠠ ᠶᠢᠨ ᠮᠡᠳᠡᠭᠡ ᠵᠠᠯᠭᠠᠭ᠎ᠠ ᠪᠠᠷ ᠤᠯᠠᠮᠵᠢᠯᠠᠭᠳᠠᠭᠰᠠᠨ ᠠᠴᠠ ᠺᠸᠠᠨ᠋ᠲ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠴᠣᠯᠭᠤᠷᠠᠨ ᠭᠠᠷᠤᠭᠰᠠᠨ ᠬᠦᠷᠲᠡᠯ᠎ᠡ᠂ ᠲᠠᠬᠢᠭᠠᠳ ᠠᠮᠤ ᠪᠤᠳᠠᠭᠠᠨ ᠤ ᠭᠠᠷᠤᠯᠲᠠ ᠲᠡᠦᠬᠡᠨ ᠳᠡᠭᠡᠷ᠎ᠡ | ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ ᠤᠨ ᠳᠡᠭᠲᠡᠷ ᠲᠤ ᠭᠠᠷᠴᠤ᠂ ᠲᠡᠮᠦᠷ ᠵᠠᠮ ᠤᠨ ᠡᠵᠡᠩᠨᠡᠯᠲᠡ ᠶᠢᠨ | ᠤᠷᠳᠤ 16.2 ᠲᠦᠮᠡᠨ ᠺᠢᠯᠣᠮᠧᠲᠷ ᠢ ᠳᠠᠪᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠯ ᠤᠨ | ᠦᠢᠯᠡᠳᠪᠦᠷᠢᠯᠡᠭᠰᠡᠨ ᠬᠡᠮᠵᠢᠶ᠎ᠡ ᠠᠩᠬ᠎ᠠ ᠤᠳᠠᠭ᠎ᠠ 1000 ᠲᠦᠮᠡ ᠶᠢ ᠳᠠᠪᠠᠭᠰᠠᠨ ᠬᠦᠷᠲᠡᠯ᠎ᠡ ᠁ ᠮᠠᠨ ᠤ | ᠤᠯᠤᠰ ᠤᠨ ᠠᠵᠢᠯᠴᠢᠨ ᠠᠩᠬᠢ ᠪᠣᠯᠤᠨ ᠥᠷᠭᠡᠨ ᠤᠯᠠᠨ ᠬᠥᠳᠡᠯᠮᠦᠷᠢᠴᠢᠨ ᠲᠦᠮᠡᠨ ᠨᠠᠮ ᠤᠨ ᠤᠳᠤᠷᠢᠳᠤᠯᠭ᠎ᠠ | ᠳᠣᠣᠷ᠎ᠠ ᠤᠶᠤᠨ ᠴᠢᠳᠠᠪᠤᠷᠢ ᠪᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠮᠢᠩᠭᠠᠨ | ᠲᠠᠷᠪᠠᠭᠤᠯᠳᠤ ᠣᠩᠭᠤᠴᠠ ᠦᠷᠢᠰᠦᠯᠳᠦᠨ ᠤᠷᠤᠭᠰᠢᠯᠠᠭᠰᠠᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ | ᠶᠡᠭᠡ ᠤᠷᠤᠰᠬᠠᠯ ᠳᠤᠮᠳᠠ ᠠᠵᠢᠯ ᠬᠢᠵᠦ ᠦᠢᠯᠡᠰ ᠪᠤᠰᠬᠠᠨ᠂ ᠡᠷᠡᠮᠡᠬᠡᠶᠢᠯᠡᠨ ᠤᠷᠤᠭᠰᠢᠯᠠᠵᠤ᠂ ᠤᠶᠤᠨ ᠤᠬᠠᠭᠠᠨ | ᠪᠣᠯᠤᠨ ᠬᠦᠴᠦ ᠬᠥᠯᠥᠰᠥ ᠪᠠᠷ ᠢᠶᠠᠨ ︽ᠳᠤᠮᠳᠠᠳᠤ ᠶᠢᠨ ᠵᠡᠭᠦᠳᠦ · ᠬᠥᠳᠡᠯᠮᠦᠷᠢ ᠰᠠᠶᠢᠬᠠᠨ︾ ᠤ ᠰᠢᠨ᠎ᠡ | ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ ᠠᠷᠠᠳ ᠲᠦᠮᠡᠨ ᠪᠣᠯ ᠲᠡᠦᠬᠡ ᠶᠢᠨ ᠡᠭᠦᠳᠦᠨ ᠪᠦᠲᠦᠭᠡᠭᠴᠢ ᠮᠥᠨ᠃ | ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠲᠦᠭ ᠲᠦᠮᠡᠨ ᠠᠷᠠᠳ ᠲᠦᠮᠡᠨ ᠤ | ᠬᠥᠳᠡᠯᠮᠦᠷᠢ ᠶᠢᠨ ᠬᠠᠯᠠᠭᠤᠨ ᠰᠡᠳᠭᠢᠯᠭᠡ᠂ ᠡᠭᠦᠳᠦᠨ ᠪᠦᠲᠦᠭᠡᠬᠦ ᠳᠠᠯᠳᠠ ᠬᠦᠴᠦᠨ ᠢ ᠭᠦᠢᠴᠡᠳ ᠬᠥᠭᠵᠢᠭᠡᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠬᠠᠮᠤᠭ ᠤᠨ ᠪᠠᠲᠤ ᠪᠠᠬᠢ ᠰᠠᠭᠤᠷᠢ᠂ ᠬᠠᠮᠤᠭ ᠤᠨ ᠭᠦᠨ | ᠵᠤᠵᠠᠭᠠᠨ ᠬᠦᠴᠦᠨ ᠲᠠᠢ ᠪᠣᠯᠵᠠᠢ᠃ | ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠃ | ᠠᠵᠢᠯᠴᠢᠨ ᠤ ᠬᠥᠳᠡᠯᠭᠡᠭᠡᠨ ᠤ ᠲᠡᠦᠬᠡ ᠶᠢ ᠡᠷᠭᠢᠴᠡᠭᠦᠯᠬᠦᠶ᠎ᠡ᠂ ᠨᠠᠮ ᠤᠨ ᠠᠩᠬᠠᠳᠤᠭᠠᠷ ᠶᠡᠭᠡ ᠬᠤᠷᠠᠯ ᠠᠴᠠ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠤ ᠳᠠᠷᠠᠭᠠᠬᠢ ᠭᠤᠣᠯ ᠠᠵᠢᠯ ᠪᠣᠯ ᠠᠵᠢᠯᠴᠢᠨ ᠤ ᠬᠥᠳᠡᠯᠭᠡᠭᠡᠨ ᠢ | ᠤᠳᠤᠷᠢᠳᠴᠤ᠂ ᠵᠣᠬᠢᠶᠠᠨ ᠪᠠᠶᠢᠭᠤᠯᠵᠤ ᠠᠬᠢᠭᠤᠯᠤᠭᠰᠠᠨ ᠶᠠᠪᠤᠳᠠᠯ ᠪᠣᠯᠤᠨ᠎ᠠ ᠭᠡᠵᠦ ᠲᠣᠳᠣᠷᠬᠠᠶᠢᠯᠠᠵᠠᠢ᠃ ᠳᠤᠮᠳᠠᠳᠤ | ᠤᠯᠤᠰ ᠤᠨ ᠠᠵᠢᠯᠴᠢᠨ ᠤ ᠡᠪᠯᠡᠯ ᠪᠠᠶᠢᠭᠤᠯᠤᠭᠳᠠᠭᠰᠠᠨ 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ ᠡᠯ᠎ᠡ ᠲᠡᠦᠬᠡᠨ ᠴᠠᠭ ᠦᠶ᠎ᠡ ᠶᠢᠨ ᠭᠤᠣᠯ | ᠡᠭᠦᠷᠭᠡ ᠶᠢᠨ ᠲᠣᠭᠤᠷᠢᠨ ᠳᠤ᠂ ᠨᠠᠮ ᠲᠠᠢ ᠪᠠᠨ ᠰᠡᠳᠭᠢᠯ ᠨᠢᠭᠡᠳᠴᠦ᠂ ᠨᠠᠮ ᠢᠶᠠᠨ ᠲᠠᠭᠠᠨ ᠲᠡᠮᠡᠴᠡᠵᠦ᠂ ᠠᠵᠢᠯᠴᠢᠨ | ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠦᠯᠬᠦᠮᠳᠡᠨ᠂ | ᠭᠠᠪᠢᠶ᠎ᠠ ᠪᠠᠶᠢᠭᠤᠯᠤᠨ ᠦᠢᠯᠡᠰ ᠪᠤᠰᠬᠠᠵᠤ᠂ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠳᠤ | ᠴᠢᠬᠤᠯᠠ ᠬᠤᠪᠢ ᠨᠡᠮᠡᠷᠢ ᠦᠵᠡᠭᠦᠯᠵᠠᠢ᠃ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢ᠂ ᠠᠵᠢᠯᠴᠢᠨ ᠤ ᠡᠪᠯᠡᠯ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠴᠠᠭ ᠦᠶ᠎ᠡ ᠶᠢᠨ ᠭᠤᠣᠯ | ᠰᠡᠳᠦᠪ ᠪᠣᠯᠤᠨ ᠴᠢᠭᠯᠡᠯ ᠢ ᠪᠠᠲᠤ ᠡᠵᠡᠮᠳᠡᠵᠦ᠂ ᠠᠵᠢᠯᠳᠠᠨ ᠠᠵᠢᠯᠴᠢᠨ ᠢᠶᠠᠷ ᠭᠤᠣᠯ ᠪᠣᠯᠭᠠᠭᠰᠠᠨ ᠠᠵᠢᠯ ᠤᠨ | ᠤᠳᠤᠷᠢᠳᠤᠮᠵᠢ ᠶᠢ ᠪᠠᠷᠢᠮᠲᠠᠯᠠᠵᠤ᠂ ᠠᠵᠢᠯᠴᠢᠨ ᠤ ᠡᠪᠯᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠴᠢᠩᠭᠠᠳᠬᠠᠬᠤ ᠶᠢ ᠪᠠᠷᠢᠮᠲᠠᠯᠠᠵᠤ᠂ ᠥᠷᠭᠡᠨ ᠤᠯᠠᠨ ᠠᠵᠢᠯᠳᠠᠨ ᠠᠵᠢᠯᠴᠢᠨ ᠤ ᠡᠯ᠎ᠡ ᠠᠵᠢᠯ ᠲᠦᠷᠦᠯ᠂ ᠡᠯ᠎ᠡ | ᠬᠦᠷᠢᠶᠡᠨ ᠳᠤ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠵᠣᠬᠢᠶᠠᠨ ᠪᠠᠶᠢᠭᠤᠯᠤᠨ ᠲᠠᠶᠢᠴᠢᠯᠠᠵᠥ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠪᠠ᠃ | ᠥᠨᠥᠳᠦᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠡ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ | ᠶᠠᠪᠤᠳᠠᠯ ᠬᠢᠵᠠᠭᠠᠯᠠᠰᠢ ᠦᠭᠡᠢ ᠭᠡᠷᠡᠯ ᠰᠠᠴᠤᠷᠠᠩᠭᠤᠢ ᠠᠯᠤᠰ ᠢᠷᠡᠭᠡᠳᠦᠢ ᠲᠠᠢ ᠪᠣᠯᠵᠠᠢ᠃ ᠮᠠᠨ ᠤ ᠤᠯᠤᠰ ᠤᠨ | ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠤ ᠢᠲᠡᠭᠡᠯ ᠵᠣᠷᠢᠭ ᠨᠡᠩ ᠪᠠᠲᠤ ᠴᠢᠩᠭ᠎ᠠ | ᠪᠣᠯᠵᠤ᠂ ᠬᠡᠪ ᠴᠢᠨᠠᠷ ᠨᠢ ᠪᠦᠬᠦ ᠲᠠᠯ᠎ᠠ ᠪᠠᠷ ᠳᠡᠭᠡᠭᠰᠢᠯᠡᠨ᠂ ᠳᠦᠷᠰᠦ ᠪᠠᠶᠢᠳᠠᠯ ᠨᠢ ᠴᠣ ᠰᠢᠨ᠎ᠡ ᠪᠣᠯᠵᠤ᠂ ᠡᠵᠡᠨ | ᠬᠥᠮᠦᠨ ᠤ ᠣᠮᠤᠭ ᠲᠡᠭᠦᠯᠳᠡᠷ ᠳᠦᠷᠢ ᠪᠠᠶᠢᠳᠠᠯ ᠢ ᠭᠦᠢᠴᠡᠳ ᠢᠯᠡᠷᠡᠭᠦᠯᠵᠦ᠂ ᠲᠡᠦᠬᠡ ᠶᠢᠨ ᠰᠠᠨᠠᠭᠠᠴᠢᠯᠠᠭᠠᠲᠤ ᠵᠣᠷᠢᠭ | ᠰᠠᠨᠠᠭ᠎ᠠ ᠴᠢᠩᠭ᠎ᠠ ᠪᠠᠳᠠᠷᠠᠵᠤ᠂ ᠭᠠᠵᠢᠭᠤ ᠶᠢ ᠢᠲᠡᠭᠡᠬᠦ ᠦᠭᠡᠶ᠂ ᠰᠦᠷᠭᠡᠦ ᠠᠴᠠ ᠠᠶᠤᠬᠤ ᠦᠭᠡᠶ᠂ ᠳᠠᠷᠤᠯᠲᠠ ᠠᠴᠠ | ᠲᠠᠯᠵᠢᠬᠤ ᠦᠭᠡᠶ ᠬᠠᠲᠠᠭᠤ ᠲᠡᠮᠡᠴᠡᠯ ᠢᠶᠠᠷ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠶᠢᠷᠳᠢᠨᠴᠦ ᠶᠢ ᠨᠡᠭᠡᠭᠡᠵᠦ | ᠪᠠᠶᠢᠨ᠎ᠠ᠃ ᠮᠠᠨ ᠤ ᠤᠯᠤᠰ ᠤᠨ ᠠᠵᠢᠯᠴᠢᠨ ᠠᠩᠭᠢ ᠪᠣᠯ ᠨᠡᠷ᠎ᠠ ᠨᠢᠳᠡᠷ ᠲᠡᠭᠡᠨ ᠨᠠᠶᠢᠴᠡᠭᠰᠡᠨ ᠮᠠᠨ ᠤ ᠨᠡᠶᠢᠭᠡᠮ | ᠵᠢᠷᠤᠮᠲᠤ ᠤᠯᠤᠰ ᠤᠨ ᠤᠳᠤᠷᠢᠳᠬᠤ ᠠᠩᠭᠢ ᠮᠥᠨ᠂ ᠨᠡᠷ᠎ᠠ ᠨᠢᠳᠡᠷ ᠲᠡᠭᠡᠨ ᠨᠠᠶᠢᠴᠡᠭᠰᠡᠨ ᠲᠡᠷᠢᠭᠦᠨ ᠤ | ᠦᠢᠯᠡᠳᠪᠦᠷᠢᠯᠡᠯ ᠤᠨ ᠬᠦᠴᠦᠨ ᠪᠠ ᠦᠢᠯᠡᠳᠪᠦᠷᠢᠯᠡᠯ ᠤᠨ ᠬᠠᠷᠢᠴᠠᠭᠠᠨ ᠤ ᠲᠥᠯᠥᠭᠡᠯᠡᠭᠴᠢ ᠮᠥᠨ᠂ ᠨᠡᠷ᠎ᠠ | ᠨᠢᠳᠡᠷ ᠲᠡᠭᠡᠨ ᠨᠠᠶᠢᠴᠡᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ | ᠭᠤᠣᠯ ᠬᠦᠴᠦᠨ ᠮᠥᠨ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠵᠡᠢ᠃ ᠤᠷᠤᠭᠰᠢᠯᠠᠯᠲᠠ ᠶᠢᠨ ᠵᠠᠮ ᠳᠡᠭᠡᠷ᠎ᠡ᠂ | ᠭᠠᠭᠴᠠ ᠬᠦ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠵᠢᠯᠴᠢᠨ ᠠᠩᠬᠢ ᠳᠤ ᠲᠦᠰᠢᠭᠯᠡᠬᠦ ᠦᠨᠳᠦᠰᠦᠨ | ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠥᠷᠭᠡᠨ ᠤᠯᠠᠨ ᠠᠵᠢᠯᠳᠠᠨ ᠠᠵᠢᠯᠴᠢᠨ ᠲᠦᠮᠡᠨ ᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠳᠠᠭ ᠯᠠ ᠶᠤᠮ ᠪᠣᠯ ᠢᠯᠠᠭᠳᠠᠰᠢ ᠦᠭᠡᠢ | ᠪᠠᠲᠤ ᠪᠠᠬᠢ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠴᠢᠳᠠᠨ᠎ᠠ᠃ | ᠣᠳᠣᠬᠠᠨ ᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ | ᠤᠷᠢᠳᠤ ᠡᠮᠦᠨ᠎ᠡ ᠪᠠᠶᠢᠭ᠎ᠠ ᠦᠭᠡᠢ ᠠᠷᠭ᠎ᠠ ᠬᠡᠯᠪᠡᠷᠢ ᠪᠠᠷ ᠥᠷᠨᠢᠵᠦ ᠪᠠᠶᠢᠨ᠎ᠠ᠂ ᠮᠠᠨ ᠤ ᠲᠡᠮᠡᠴᠡᠯ ᠤᠨ ᠬᠠᠷᠠᠯᠲᠠ ᠪᠠᠨ | ᠪᠡᠶᠡᠯᠡᠭᠦᠯᠵᠦ᠂ ᠮᠠᠨ ᠤ ᠠᠤᠭ᠎ᠠ ᠶᠡᠭᠡ ᠦᠢᠯᠡᠰ ᠢᠶᠠᠨ ᠠᠬᠢᠭᠤᠯᠬᠤ ᠳᠤ ᠮᠠᠨ ᠤ ᠤᠯᠤᠰ ᠤᠨ ᠠᠵᠢᠯᠴᠢᠨ ᠠᠩᠭᠢ | ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠡᠵᠡᠨ ᠬᠥᠮᠥᠨ ᠤ ᠤᠬᠠᠮᠰᠠᠷ ᠢᠶᠠᠨ ᠴᠢᠩᠭᠠᠳᠬᠠᠵᠤ᠂ ᠭᠤᠣᠯ | ᠬᠦᠴᠦᠨ ᠤ ᠦᠢᠯᠡᠳᠦᠯ ᠢᠶᠠᠨ ᠪᠠᠳᠠᠷᠠᠭᠤᠯᠬᠤ ᠨᠢ ᠨᠡᠩ ᠢᠯᠡᠭᠦᠦ ᠱᠠᠭᠠᠷᠳᠠᠭᠳᠠᠵᠤ ᠪᠠᠶᠢᠨ᠎ᠠ᠃ ᠡᠨᠡ ᠨᠢ ᠴᠢᠨᠠᠷ | ᠰᠠᠶᠢᠲᠠᠢ ᠬᠥᠭᠵᠢᠬᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ | ᠵᠡᠷᠭᠡ ᠶᠢᠨ ᠲᠤᠭᠤᠷᠢᠨ ᠳᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠮᠡᠳᠡᠯᠭᠡ ᠶᠢᠨ ᠬᠡᠯᠪᠡᠷᠢ ᠶᠢᠨ᠂ ᠤᠷ᠎ᠠ ᠮᠡᠷᠭᠡᠵᠢᠯ ᠤᠨ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ | ᠦᠢᠯᠡᠰ ᠤᠨ ᠠᠵᠢᠯᠴᠢᠨ ᠤ ᠶᠡᠭᠡ ᠴᠡᠷᠢᠭ ᠢ ᠲᠦᠷᠭᠡᠨ ᠪᠠᠶᠢᠭᠤᠯᠵᠤ᠂ ᠨᠡᠩ ᠤᠯᠠᠨ ᠲᠣᠮᠣ ᠤᠯᠤᠰ ᠤᠨ ᠤᠷᠠᠨ | ᠳᠠᠷᠬᠠᠨ ᠪᠠ ᠥᠨᠳᠥᠷ ᠤᠷ᠎ᠠ ᠮᠡᠷᠭᠡᠵᠢᠯ ᠲᠠᠢ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ︔ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠤ ᠦᠢᠯᠡᠰ ᠤᠨ ᠬᠥᠭᠵᠢᠯᠲᠡ ᠶᠢ ᠨᠢᠭᠡ ᠴᠣᠭᠴᠠᠵᠢᠭᠤᠯᠤᠨ | ᠠᠬᠢᠭᠤᠯᠵᠤ᠂ ᠬᠥᠳᠡᠯᠮᠦᠷᠢᠴᠢᠳ ᠤᠨ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠵᠦ᠂ ︽ᠬᠥᠮᠥᠨ ᠠᠮᠠ ᠶᠢᠨ ᠠᠰᠢᠭ︾ | ᠢ ︽ᠴᠢᠳᠠᠪᠤᠷᠢᠲᠠᠨ ᠤ ᠠᠰᠢᠭ︾ ᠳᠠᠶᠢᠰᠢ ᠳᠡᠭᠡᠭᠰᠢᠯᠡᠭᠦᠯᠬᠦ ᠶᠢ ᠪᠡᠶᠡᠯᠡᠭᠦᠯᠬᠦ ᠶᠢ ᠠᠬᠢᠭᠤᠯᠵᠤ᠂ ᠮᠠᠨ ᠤ ᠤᠯᠤᠰ ᠤᠨ | ᠢᠷᠡᠭᠡᠳᠦᠢ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠳᠡᠢ︔ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠪᠡᠶᠡᠯᠡᠭᠦᠯᠤᠨ᠂ ᠰᠠᠶᠢᠲᠤᠷ | ᠬᠠᠮᠠᠭᠠᠯᠠᠨ᠂ ᠰᠠᠶᠢᠲᠤᠷ ᠬᠥᠭᠵᠢᠭᠦᠯᠵᠦ᠂ ᠠᠵᠢᠯᠲᠠᠨ ᠠᠵᠢᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠳᠡᠢ ᠭᠡᠳᠡᠭ ᠢ | ᠪᠢᠳᠡᠨ ᠳᠤ ᠱᠠᠭᠠᠷᠳᠠᠵᠤ ᠪᠠᠶᠢᠨ᠎ᠠ᠃ | ᠶᠡᠭᠡ ᠶᠤᠰᠤ ᠶᠢ ᠲᠦᠭᠦᠮ ᠠᠪᠰᠠᠷ ᠶᠠᠷᠢᠵᠦ᠂ ᠪᠣᠳᠠᠲᠠᠢ ᠠᠵᠢᠯᠯᠠᠬᠤ ᠨᠢ ᠮᠠᠰᠢ ᠴᠢᠬᠤᠯᠠ᠃ ︽ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ ᠬᠥᠮᠥᠨ ᠪᠦᠬᠦᠨ ᠭᠤᠣᠯ ᠲᠣᠭᠯᠠᠭᠴᠢ ᠮᠦᠨ︾᠃ | ᠰᠢᠷᠭᠠᠭᠤ ᠬᠥᠳᠡᠯᠮᠦᠷᠢ ᠵᠢᠳᠬᠦᠯ ᠪᠦᠷᠢ ᠨᠢ ᠴᠥᠮ ᠴᠤᠭ ᠪᠠᠳᠠᠷᠠᠩᠭᠤᠢ ᠪᠠᠷ ᠡᠷᠡᠯᠬᠡᠭᠯᠡᠨ ᠤᠷᠤᠭᠰᠢᠯᠠᠬᠤ ᠴᠠᠭ | ᠦᠶ᠎ᠡ ᠶᠢᠨ ᠬᠦᠴᠦᠲᠦ ᠤᠷᠤᠰᠬᠠᠯ ᠲᠠᠢ ᠨᠡᠶᠢᠯᠡᠵᠤ᠂ ᠤᠷᠤᠭᠰᠢᠯᠠᠯᠲᠠ ᠶᠢᠨ ᠠᠯᠬᠤᠮ ᠪᠦᠷᠢ ᠨᠢ ᠴᠥᠮ | ᠬᠤᠷᠢᠭᠯᠠᠭᠳᠠᠰᠢ ᠦᠭᠡᠢ ᠬᠥᠭᠵᠢᠯᠲᠡ ᠶᠢᠨ ᠪᠠᠶᠢᠳᠠᠯ ᠪᠣᠯᠣᠨ ᠬᠤᠷᠠᠮᠳᠤᠬᠤ ᠪᠣᠯᠣᠨ᠎ᠠ᠃ ᠪᠢᠳᠠ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠳ ᠠᠴᠠ ᠰᠤᠷᠤᠯᠴᠠᠵᠤ᠂ ᠬᠥᠳᠡᠯᠮᠦᠷᠢ ᠶᠢᠨ | ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ᠂ ᠴᠡᠭᠡᠵᠢ ᠲᠦᠷᠢᠨ ᠬᠠᠷᠢᠭᠤᠴᠠᠯᠭ᠎ᠠ ᠡᠭᠦᠷᠭᠡᠯᠡᠨ᠂ ᠬᠦᠴᠢᠷ ᠢ ᠲᠤᠭᠤᠯᠵᠤ ᠪᠡᠷᠬᠡ ᠶᠢ | ᠳᠠᠪᠠᠨ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠭᠠᠯ ᠬᠠᠯᠠᠭᠤᠨ ᠦᠢᠯᠡᠳᠦᠯᠭᠡ ᠶᠢᠨ ᠳᠤᠮᠳᠠ ᠬᠥᠳᠡᠯᠮᠦᠷᠢ ᠶᠢᠨ ᠴᠤᠭ ᠵᠢᠪᠬᠤᠭ᠎ᠠ ᠶᠢ ᠪᠢᠴᠢᠭᠯᠡᠨ᠂ ᠴᠠᠭ | ᠦᠶ᠎ᠡ ᠶᠢᠨ ᠢᠷᠠᠭᠤ ᠠᠯᠳᠠᠷ ᠢ ᠡᠭᠦᠳᠦᠶ᠎ᠡ᠃ | |