ᠰᠢᠨ᠎ᠡ ᠬᠡᠪᠯᠡᠯ ᠤᠨ ︽ᠭᠠᠯ ᠤᠨ ᠭᠠᠮᠰᠢᠭ ᠢ ᠪᠦᠷᠢᠳᠭᠡᠨ ᠬᠠᠮᠢᠶᠠᠷᠬᠤ ᠲᠣᠭᠲᠠᠭᠠᠯ︾᠎ ᠢ 5 ᠰᠠᠷ᠎ᠠ ᠶᠢᠨ 1᠎ ᠤ ᠡᠳᠦᠷ ᠠᠴᠠ ᠡᠬᠢᠯᠡᠨ ᠭᠡᠷᠡᠭᠵᠢᠬᠦᠯᠪᠡ
ᠨᠡᠶᠢᠲᠡᠯᠡᠭᠰᠡᠨ ᠴᠠᠭ᠄
2025/5/7
    ᠣᠶᠢᠯᠠᠭᠠᠭᠰᠠᠨ ᠢᠶᠠᠷ᠂ ᠤᠯᠤᠰ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠵᠡᠷᠭᠡ 7 ᠰᠠᠯᠠᠭ᠎ᠠ ᠮᠥᠴᠢᠷ ᠤᠨ ᠲᠦᠷᠦᠭᠦᠬᠡᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠭᠠᠯ ᠤᠨ ᠭᠠᠮᠰᠢᠭ ᠢ ᠪᠦᠷᠢᠳᠭᠡᠨ ᠬᠠᠮᠢᠶᠠᠷᠬᠤ ᠲᠣᠭᠲᠠᠭᠠᠯ︾᠎ ᠢ 2025 ᠣᠨ ᠤ 5 ᠰᠠᠷ᠎ᠠ ᠶᠢᠨ 1᠎ ᠤ ᠡᠳᠦᠷ ᠠᠴᠠ ᠡᠬᠢᠯᠡᠵᠦ ᠭᠡᠷᠡᠭᠵᠢᠬᠦᠯᠪᠡ᠃ 1996 ᠣᠨ ᠳᠤ ᠳᠠᠷᠤᠮᠠᠯᠯᠠᠨ ᠲᠠᠷᠬᠠᠭᠠᠭᠰᠠᠨ ︽ᠭᠠᠯ ᠤᠨ ᠭᠠᠮᠰᠢᠭ ᠢ ᠪᠦᠷᠢᠳᠭᠡᠨ ᠬᠠᠮᠢᠶᠠᠷᠬᠤ ᠲᠣᠭᠲᠠᠭᠠᠯ︾᠎ ᠢ ᠵᠡᠷᠭᠡ ᠳᠤᠨᠢ ᠬᠦᠴᠦᠨ ᠦᠭᠡᠢ ᠪᠣᠯᠭᠠᠨ᠎ᠠ᠃    ᠰᠢᠨ᠎ᠡ ᠲᠣᠭᠲᠠᠭᠠᠯ ᠳᠤ ᠪᠦᠬᠦ ᠤᠯᠤᠰ ᠤᠨ ᠭᠠᠯ ᠤᠨ ᠭᠠᠮᠰᠢᠭ ᠤᠨ ᠲᠤᠭ᠎ᠠ ᠪᠦᠷᠢᠳᠭᠡᠯ ᠤᠨ ᠠᠵᠢᠯ ᠢ ᠰᠢᠰᠲ᠋ᠧᠮᠵᠢᠬᠦᠯᠦᠨ ᠬᠠᠮᠢᠶᠠᠷᠬᠤ ᠰᠠᠯᠠᠭ᠎ᠠ ᠮᠥᠴᠢᠷ ᠢ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠤᠯᠤᠰ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠪᠣᠯᠭᠠᠨ ᠲᠣᠬᠢᠷᠠᠭᠤᠯᠵᠤ᠂ ᠤᠯᠤᠰ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠲᠦᠷᠦᠭᠦᠯᠡᠨ ᠭᠠᠯ ᠤᠨ ᠭᠠᠮᠰᠢᠭ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠵᠠᠷᠯᠠᠬᠤ ᠲᠣᠭᠲᠠᠴᠠ ᠶᠢ ᠪᠠᠶᠢᠭᠤᠯᠵᠤ᠂ ᠪᠦᠬᠦ ᠤᠯᠤᠰ ᠤᠨ ᠭᠠᠯ ᠤᠨ ᠭᠠᠮᠰᠢᠭ ᠤᠨ ᠪᠠᠶᠢᠳᠠᠯ ᠢ ᠬᠤᠷᠢᠶᠠᠩᠭᠤᠶᠢᠯᠠᠨ ᠡᠵᠡᠮᠰᠢᠬᠦ ᠬᠡᠷᠡᠭᠲᠡᠶ︔ ᠭᠠᠯ ᠤᠨ ᠭᠠᠮᠰᠢᠭ ᠤᠨ ᠥᠭᠦᠵᠦ ᠰᠢᠷᠬᠠᠲᠤᠭᠰᠠᠨ ᠢ ᠠᠪᠤᠷᠠᠨ ᠡᠮᠨᠡᠬᠦ ᠮᠠᠲ᠋ᠧᠷᠢᠶᠠᠯ ᠪᠠ ᠠᠨᠠᠭᠠᠬᠤ ᠤᠬᠠᠭᠠᠨ ᠤ ᠰᠤᠳᠤᠯᠭᠠᠨ ᠤ ᠡᠮᠴᠢᠯᠡᠭᠡᠨ ᠤ ᠲᠤᠭ᠎ᠠ ᠪᠠᠷᠢᠮᠲᠠ ᠶᠢ ᠦᠨᠳᠦᠰᠦᠯᠡᠨ᠂ ᠭᠠᠯ ᠤᠨ ᠭᠠᠮᠰᠢᠭ ᠠᠴᠠ ᠪᠤᠯᠵᠤ ᠠᠳᠡᠭᠰᠡᠳ ᠤᠨ ᠳᠤᠭ᠎ᠠ ᠎ ᠶᠢ ᠪᠦᠷᠢᠳᠭᠡᠬᠦ ᠴᠠᠭ ᠢ 7 ᠡᠳᠦᠷ ᠠᠴᠠ 30 ᠡᠳᠦᠷ ᠪᠣᠯᠲᠠᠯ᠎ᠠ ᠤᠷᠲᠤᠳᠬᠠᠵᠤ᠂ ᠭᠠᠯ ᠤᠨ ᠭᠠᠮᠰᠢᠭ ᠤᠨ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠳᠤ ᠤᠴᠠᠷᠠᠭᠤᠯᠤᠭᠰᠠᠨ ᠬᠤᠤᠷ ᠬᠥᠨᠥᠭᠡᠯ ᠢ ᠨᠠᠩ ᠣᠨᠣᠪᠴᠢᠲᠠᠶ ᠲᠤᠰᠬᠠᠬᠤ ᠬᠡᠷᠡᠭᠳᠡᠢ︔ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠤᠤᠯ ᠤᠨ ︽1000 ᠲᠦᠮᠡᠨ ᠲᠥᠭᠦᠷᠢᠭ᠂ 5000 ᠲᠦᠮᠡᠨ ᠲᠥᠭᠦᠷᠢᠭ᠂ 1 ᠳ᠋ᠦᠩᠰᠢᠭᠤᠷ ᠲᠥᠭᠦᠷᠢᠭ︾᠎ ᠲᠠᠢ ᠬᠠᠷᠠᠭᠠᠯᠵᠠᠭᠰᠠᠨ ︽ᠨᠡᠯᠢᠶᠡᠳ ᠶᠡᠭᠡ᠂ ᠬᠦᠨᠳᠦ ᠶᠡᠭᠡ᠂ ᠣᠨᠴᠠ ᠬᠦᠨᠳᠦ ᠶᠡᠭᠡ︾ ᠭᠠᠯ ᠤᠨ ᠭᠠᠮᠰᠢᠭ ᠤᠨ ᠬᠤᠬᠢᠷᠠᠯ ᠤᠨ ᠲᠠᠰ ᠬᠤᠪᠢᠶᠠᠬᠤ ᠪᠠᠷᠢᠮᠵᠢᠶ᠎ᠠ ᠶᠢ ᠲᠣᠰ ᠲᠣᠰ ︽3000 ᠲᠦᠮᠡᠨ ᠲᠥᠭᠦᠷᠢᠭ᠂ 1 ᠳ᠋ᠦᠩᠰᠢᠭᠤᠷ ᠲᠥᠭᠦᠷᠢᠭ᠂ 3 ᠳ᠋ᠦᠩᠰᠢᠭᠤᠷ ᠲᠥᠭᠦᠷᠢᠭ︾ ᠪᠣᠯᠭᠠᠨ ᠲᠣᠬᠢᠷᠠᠭᠤᠯᠤᠨ᠎ᠠ ᠭᠡᠵᠦ ᠳᠤᠭᠳᠠᠭᠠᠪᠠ᠃    ᠰᠢᠨ᠎ᠡ ᠲᠣᠭᠲᠠᠭᠠᠯ ᠳᠤ ᠪᠠᠰᠠ ︽ᠬᠥᠩᠭᠡᠪᠲᠦᠷ ᠭᠠᠯ ᠤᠨ ᠭᠠᠮᠰᠢᠭ︾᠎ ᠤᠨ ᠠᠩᠭᠢᠯᠠᠯ ᠢ ᠨᠡᠮᠡᠪᠡ᠃ ᠭᠠᠯ ᠤᠨ ᠭᠠᠮᠰᠢᠭ ᠤᠨ ᠲᠡᠦᠬᠡᠨ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢ ᠵᠠᠳᠠᠯᠤᠭᠰᠠᠨ ᠰᠠᠭᠤᠷᠢᠨ ᠳᠡᠭᠡᠷ᠎ᠡ᠂ ᠮᠠᠨ ᠤ ᠤᠯᠤᠰ ᠤᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠣᠯᠤᠨ ᠬᠤᠲᠠ ᠪᠠᠯᠭᠠᠰᠤ ᠬᠥᠳᠡᠭᠡ ᠲᠣᠰᠬᠤᠨ᠂ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠣᠷᠣᠯᠭ᠎ᠠ ᠶᠢᠨ ᠵᠥᠷᠢᠶ᠎ᠡ ᠶᠢ ᠶᠡᠷᠦᠩᠬᠡᠶᠢᠯᠡᠨ ᠪᠣᠳᠣᠯᠬᠢᠯᠠᠵᠤ᠂ ︽ᠡᠩ ᠤᠨ︾ ᠭᠠᠯ ᠤᠨ ᠭᠠᠮᠰᠢᠭ ᠤᠨ ᠲᠠᠰ ᠲᠤ ︽ᠬᠥᠩᠭᠡᠪᠲᠦᠷ ᠭᠠᠯ ᠤᠨ ᠭᠠᠮᠰᠢᠭ︾᠎ ᠤᠨ ᠠᠩᠭᠢᠯᠠᠯ ᠢ ᠨᠡᠮᠡᠵᠦ᠂ ︽ᠬᠥᠮᠦᠨ ᠬᠠᠷ᠎ᠠ ᠥᠭᠦᠵᠦ ᠰᠢᠷᠬᠠᠲᠤᠭᠰᠠᠨ ᠥᠬᠡᠶ ᠮᠥᠷᠲᠡᠭᠡᠨ ᠰᠢᠭᠤᠳ ᠡᠳ᠋ ᠬᠥᠷᠥᠩᠭᠡ ᠶᠢᠨ ᠬᠤᠬᠢᠷᠠᠯ ᠨᠢ 1000 ᠲᠥᠭᠦᠷᠢᠭ ᠠᠴᠠ ᠳᠤᠤᠷ᠎ᠠ ᠪᠠᠶᠢᠪᠠᠯ ᠬᠥᠩᠭᠡᠪᠲᠦᠷ ᠭᠠᠯ ᠤᠨ ᠭᠠᠮᠰᠢᠭ ᠪᠤᠯᠤᠨ᠎ᠠ︾ ᠭᠡᠵᠦ ᠲᠣᠳᠣᠷᠬᠠᠶᠢᠯᠠᠪᠠ᠃    ᠡᠭᠦᠨ ᠠᠴᠠ ᠭᠠᠳᠠᠨ᠎ᠠ᠂ ᠰᠢᠨ᠎ᠡ ᠲᠣᠭᠲᠠᠭᠠᠯ ᠳᠤ ᠭᠠᠯ ᠤᠨ ᠭᠠᠮᠰᠢᠭ ᠤᠨ ᠲᠤᠭ᠎ᠠ ᠪᠦᠷᠢᠳᠭᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠪᠠ᠃ ︽ᠭᠠᠯ ᠤᠨ ᠭᠠᠮᠰᠢᠭ ᠤᠨ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢ ᠰᠢᠭᠤᠳ ᠣᠷᠣᠨ ᠪᠦᠰᠡ ᠶᠢᠨ ᠴᠢᠨᠠᠷᠲᠠᠶ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠪᠣᠯᠤᠨ ᠭᠠᠵᠠᠷ ᠣᠷᠣᠨ ᠤ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠵᠢᠭᠠᠯᠳᠠ ᠲᠤᠭ᠎ᠠ ᠪᠣᠯᠭᠠᠵᠤ ᠪᠣᠯᠬᠤ ᠦᠭᠡᠶ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦᠩᠬᠡᠶᠢᠯᠡᠨ ᠦᠨᠡᠯᠡᠬᠦ ᠰᠢᠰᠲ᠋ᠧᠮ ᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ︾ ᠭᠡᠵᠦ ᠲᠣᠳᠣᠷᠬᠠᠶᠢᠯᠠᠪᠠ᠃ ᠲᠤᠭ᠎ᠠ ᠪᠦᠷᠢᠳᠭᠡᠯ ᠨᠢ ᠬᠠᠤᠯᠢ ᠠᠴᠠ ᠵᠥᠷᠢᠴᠡᠭᠰᠡᠨ ᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠪᠠᠶᠢᠭᠤᠯᠬᠤ ᠪᠠ ᠰᠢᠯᠤᠭᠤᠳᠬᠠᠵᠤ᠂ ᠲᠤᠭ᠎ᠠ ᠪᠦᠷᠢᠳᠭᠡᠯ ᠨᠢ ᠬᠠᠤᠯᠢ ᠠᠴᠠ ᠵᠥᠷᠢᠴᠡᠭᠰᠡᠨ ᠢ ᠵᠠᠷᠯᠠᠬᠤ᠂ ᠰᠢᠯᠵᠢᠭᠦᠯᠦᠨ ᠬᠦᠷᠭᠡᠬᠦ ᠳᠦᠷᠢᠮ ᠢ ᠨᠡᠮᠡᠵᠦ ᠲᠣᠬᠢᠷᠠᠭᠤᠯᠬᠤ ᠬᠡᠷᠡᠭᠲᠡᠶ︔ ᠭᠠᠯ ᠤᠨ ᠭᠠᠮᠰᠢᠭ ᠤᠨ ᠲᠤᠭ᠎ᠠ ᠪᠦᠷᠢᠳᠭᠡᠯ ᠤᠨ ᠮᠠᠲ᠋ᠧᠷᠢᠶᠠᠯ ᠢ ᠬᠤᠳᠠᠯ ᠢᠶᠠᠷ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠶ ᠪᠠᠶᠢᠬᠤ᠂ ᠮᠡᠳᠡᠭᠦᠯᠬᠦ ᠶᠢ ᠳᠡᠪᠴᠢᠬᠦ᠂ ᠤᠳᠠᠭᠠᠰᠢᠷᠠᠭᠤᠯᠤᠨ ᠮᠡᠳᠡᠭᠦᠯᠬᠦ᠂ ᠭᠠᠯ ᠤᠨ ᠭᠠᠮᠰᠢᠭ ᠤᠨ ᠪᠦᠷᠢᠳᠭᠡᠯ ᠤᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠪᠠ ᠥᠭᠡᠷᠡᠲᠦᠭᠦᠯᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ᠂ ᠰᠶᠳᠬᠡᠯ ᠦᠭᠬᠦ ᠠᠷᠭ᠎ᠠ ᠬᠡᠮᠵᠢᠶ᠎ᠡ ᠪᠣᠯᠤᠨ ᠦᠨᠳᠦᠰᠦᠯᠡᠯ ᠢ ᠲᠣᠳᠣᠷᠬᠠᠶᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号