︽5 · 1︾ ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠠᠶᠢᠮᠠᠭ ᠤᠨ ᠡᠯ᠎ᠡ ᠭᠠᠵᠠᠷ ᠤᠨ ᠭᠤᠤᠯᠳᠠᠯᠭᠠᠲᠦ | ᠪᠦᠲᠦᠭᠡᠨ ᠪᠠᠶᠢᠭᠤᠯᠤᠯᠲᠠ ᠶᠢᠨ ᠠᠵᠢᠯ ᠵᠤᠷᠰᠢᠯ ᠶᠤᠰᠤᠭᠠᠷ ᠶᠠᠪᠤᠭᠳᠠᠵᠦ᠂ ᠪᠠᠷᠢᠯᠭ᠎ᠠ ᠶᠢᠨ ᠠᠵᠢᠯᠳᠠᠳ | ᠢᠨᠵᠧᠨᠧᠷᠢᠩ ᠤᠨ ᠠᠬᠢᠴᠠ ᠶᠢ ᠪᠦᠬᠦ ᠬᠦᠴᠦᠨ ᠢᠶᠠᠷ ᠲᠦᠷᠭᠡᠳᠬᠡᠨ᠂ ᠪᠣᠳᠠᠲᠤ ᠠᠵᠢᠯᠯᠠᠭ᠎ᠠ ᠪᠠᠷ ᠢᠶᠠᠨ | ᠬᠥᠳᠡᠯᠮᠦᠷᠢ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠲᠦᠷᠦᠯ ᠵᠦᠢᠯ ᠤᠨ ᠴᠢᠨᠠᠷ ᠰᠠᠶᠢᠲᠠᠢ ᠥᠨᠳᠥᠷ | ᠶᠠᠪᠤᠭᠳᠠᠬᠤ ᠶᠢ ᠪᠠᠲᠤᠯᠠᠪᠠ᠃ | ᠰᠤᠷᠪᠤᠯᠵᠢᠯᠠᠭᠴᠢ ᠥᠪᠥᠷ ᠮᠣᠩᠭᠤᠯ ᠤᠨ ᠷᠦᠩ ᠳ᠋ᠢᠶᠠᠨ ᠴᠠᠬᠢᠯᠭᠠᠨ ᠬᠦᠴᠦᠨ ᠤ ᠲᠥᠬᠦᠭᠡᠷᠦᠮᠵᠢ ᠶᠢᠨ | ᠺᠣᠮᠫᠠᠨᠢ ᠶᠢᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ | ᠲᠠᠯᠠᠪᠠᠢ ᠳᠤ ᠬᠦᠷᠬᠦ ᠳᠤ ᠡᠯ᠎ᠠ ᠲᠦᠷᠦᠯ ᠤᠨ ᠠᠵᠢᠯ ᠲᠦᠯᠦᠪᠯᠡᠭᠡ ᠶᠤᠰᠤᠭᠠᠷ ᠤᠷᠤᠭᠰᠢᠳᠡᠢ ᠶᠠᠪᠤᠭᠳᠠᠵᠦ ᠪᠠᠶᠢᠯ᠎ᠠ᠃ | ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 2.6 ᠳ᠋ᠦᠩᠰᠢᠭᠤᠷ ᠲᠥᠭᠦᠷᠢᠭ ᠲᠤ ᠬᠦᠷᠴᠦ᠂ | ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠳᠤ 500 ᠲᠦᠮᠡᠨ ᠮᠧᠲᠷ ᠤᠨ PHC ᠬᠡᠷᠡᠯᠴᠢ ᠴᠡᠨᠡᠭ ᠤᠨ | ᠬᠤᠭᠤᠯᠠᠢ ᠶᠢᠨ ᠪᠠᠭᠠᠨ᠎ᠠ ᠪᠤᠯᠤᠨ 10 ᠲᠦᠮᠡᠨ ᠴᠠᠬᠢᠯᠭᠠᠨ ᠪᠠᠭᠠᠨ᠎ᠠ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠬᠦᠯᠬᠦ | ᠪᠤᠯᠤᠨ᠎ᠠ᠃ ᠺᠤᠮᠫᠠᠨᠢ ᠶᠢᠨ ᠳᠠᠭᠠᠭᠠᠮᠠᠯ ᠦ᠋ ᠵᠧᠦ ᠶᠢᠨ ᠲᠠᠨᠢᠯᠴᠠᠭᠤᠯᠬᠤ ᠪᠠᠷ᠂ ᠠᠮᠠᠷᠠᠯᠲᠠ ᠶᠢᠨ ᠬᠤᠭᠤᠴᠠᠭᠠᠨ ᠳᠤ | ᠪᠠᠷᠢᠯᠭ᠎ᠠ ᠶᠢᠨ ᠠᠵᠢᠯᠳᠠᠳ ᠴᠠᠭ ᠬᠤᠭᠤᠴᠠᠭ᠎ᠠ ᠶᠢ ᠠᠮᠵᠢᠨ ᠠᠵᠢᠯᠯᠠᠵᠦ᠂ ᠪᠠᠷᠢᠯᠭ᠎ᠠ ᠶᠢᠨ ᠠᠬᠢᠴᠠ ᠶᠢ ᠲᠦᠷᠬᠡᠳᠬᠡᠵᠠᠢ | ᠂ ᠤᠳᠤᠬᠠᠨ ᠳᠤ ᠨᠢᠭᠡᠳᠦᠭᠡᠷ ᠬᠤᠭᠤᠴᠠᠭᠠᠨ ᠤ ᠨᠢᠭᠡ ᠨᠣᠮᠧᠷᠲᠤ ᠦᠢᠯᠡᠳᠪᠦᠷᠢ ᠶᠢᠨ ᠪᠠᠶᠢᠰᠢᠩ ᠤᠨ ᠪᠣᠯᠣᠳ | ᠪᠦᠲᠦᠴᠡ ᠨᠢᠭᠡᠨᠲᠡ ᠪᠦᠷᠢᠯᠳᠦᠨ᠂ 5 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠵᠤ᠂ ᠬᠤᠶᠠᠷ ᠨᠣᠮᠧᠷᠲᠤ | ᠦᠢᠯᠡᠳᠪᠦᠷᠢ ᠶᠢᠨ ᠪᠠᠶᠢᠰᠢᠩ ᠤᠨ ᠪᠦᠲᠦᠬᠡᠨ ᠪᠠᠶᠢᠭᠤᠯᠤᠯᠳᠠ 6 ᠰᠠᠷ᠎ᠠ ᠶᠢᠨ ᠳᠤᠮᠳᠠᠴᠢ ᠪᠠᠷ ᠠᠰᠢᠭᠯᠠᠯᠲᠠ ᠳᠤ | ᠣᠷᠣᠬᠤ ᠪᠠᠷ ᠪᠤᠢ ᠬᠡᠵᠦ ᠪᠠᠶᠢᠯ᠎ᠠ᠃ | ᠥᠪᠥᠷ ᠮᠣᠩᠭᠤᠯ ᠤᠨ ᠵᠢᠦᠢ ᠢ ᠡᠨᠧᠷᠭᠢ ᠶᠢᠨ ᠺᠣᠮᠫᠠᠨᠢ ᠶᠢᠨ ᠵᠢᠯ ᠳᠤ 15 ᠲᠦᠮᠡᠨ ᠲᠣᠨ ᠨᠡᠭᠦᠷᠡᠰᠦᠨ ᠬᠡᠢ | ᠦᠢᠯᠡᠳᠬᠦ LNG ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 5.3 ᠳ᠋ᠦᠩᠰᠢᠭᠤᠷ ᠲᠥᠭᠦᠷᠢᠭ ᠲᠤ | ᠬᠦᠷᠴᠦ᠂ ᠲᠡᠷᠢᠭᠦᠨ ᠤ ᠤᠷᠠᠯᠠᠯ ᠢᠶᠠᠷ ᠳᠠᠮᠵᠢᠭᠤᠯᠤᠨ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠰᠠᠯᠭᠠᠵᠤ | ᠴᠡᠪᠡᠷᠰᠢᠭᠦᠯᠬᠦ ᠪᠠ ᠰᠢᠩᠭᠡᠨᠵᠢᠭᠦᠯᠬᠦ᠂ ᠬᠡᠦᠷᠰᠢᠭᠦᠯᠦᠭᠰᠡᠨ ᠳᠠᠭᠠᠯᠲᠠ ᠨᠡᠭᠦᠷᠡᠰᠦᠨ ᠬᠡᠢ ᠶᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠪᠡᠶᠡᠯᠡᠭᠦᠯᠵᠦ᠂ ᠡᠴᠦᠰ ᠲᠤ ᠥᠨᠳᠥᠷ ᠨᠡᠮᠡᠯᠲᠡ ᠥᠷᠲᠡᠭ ᠲᠠᠢ ᠰᠢᠩᠭᠡᠨᠵᠢᠮᠡᠯ ᠮᠧᠲ᠋ᠠᠨ ᠤ | ᠦᠢᠯᠡᠳᠬᠦᠨ ᠢ ᠦᠢᠯᠡᠳᠪᠦᠷᠢᠯᠡᠳᠡᠭ᠃ ᠺᠣᠮᠫᠠᠨᠢ ᠶᠢᠨ ᠳᠡᠳ᠋ ᠳᠠᠭᠠᠭᠠᠮᠠᠯ ᠯᠢ ᠵᠢᠶᠦ᠋ᠨ ᠭᠠᠩ᠂ ᠪᠠᠷᠢᠯᠭ᠎ᠠ ᠶᠢᠨ | ᠠᠬᠢᠴᠠ ᠶᠢ ᠲᠦᠷᠬᠡᠳᠬᠡᠬᠦ ᠶᠢᠨ ᠲᠤᠰᠠᠳᠠ ᠪᠢᠳᠠ ᠠᠮᠠᠷᠠᠯᠳᠠ ᠶᠢᠨ ᠬᠤᠭᠤᠴᠠᠭᠠᠨ ᠤ ᠲᠤᠰᠬᠠᠢ ᠠᠵᠢᠯ ᠤᠨ | ᠲᠦᠯᠦᠪᠯᠡᠭᠡ ᠶᠢ ᠲᠤᠭᠳᠠᠭᠠᠵᠤ ᠠᠵᠢᠯᠯᠠᠵᠠᠢ᠂ ᠣᠳᠣᠬᠠᠨ ᠳᠤ ᠲᠦᠷᠦᠯ ᠵᠦᠢᠯ ᠤᠨ ᠪᠠᠷᠢᠯᠭ᠎ᠠ ᠶᠢᠨ 75% ᠶᠢ | ᠨᠢᠭᠡᠨᠲᠡ ᠪᠡᠶᠡᠯᠡᠭᠦᠯᠵᠦ᠂ 8 ᠰᠠᠷ᠎ᠠ ᠶᠢᠨ ᠡᠬᠢ ᠪᠠᠷ ᠲᠤᠷᠰᠢᠨ ᠦᠢᠯᠡᠳᠪᠦᠷᠢᠯᠡᠬᠦ ᠱᠠᠲᠤᠨ ᠳᠤ ᠣᠷᠣᠨ᠎ᠠ ᠬᠡᠪᠡ᠃ | ᠠᠯᠠᠱᠠ ᠠᠶᠢᠮᠠᠭ ᠤᠨ ᠱᠧᠩ ᠰᠢ ᠤᠰᠤᠨ ᠤ ᠶᠠᠪᠤᠳᠠᠯ ᠤᠨ ᠪᠠᠶ᠋ᠬᠠᠤᠪᠤᠭ᠎ᠠ ᠳᠠᠬᠢ ᠤᠰᠤ ᠬᠠᠩᠭᠠᠬᠤ ᠬᠤᠶᠠᠳᠤᠭᠠᠷ | ᠬᠤᠭᠤᠴᠠᠭᠠᠨ ᠤ ᠲᠦᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠳᠠ ᠨᠢ 1.5 ᠳ᠋ᠦᠩᠰᠢᠭᠤᠷ ᠲᠥᠭᠦᠷᠢᠭ ᠲᠤ | ᠬᠦᠷᠴᠦ᠂ ᠠᠰᠢᠭᠯᠠᠯᠳᠠ ᠳᠤ ᠤᠷᠤᠭᠰᠠᠨ ᠤ ᠲᠠᠷᠠᠭ᠎ᠠ ᠵᠢᠯ ᠳᠤ 8000 ᠲᠦᠮᠡᠨ ᠪᠣᠰᠤᠭ᠎ᠠ ᠳᠥᠷᠪᠡᠯᠵᠢᠨ ᠮᠧᠲᠷ | ᠤᠰᠤ ᠬᠠᠩᠭᠠᠬᠤ ᠶᠢ ᠪᠡᠶᠡᠯᠡᠭᠦᠯᠤᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠬᠤᠯᠠ ᠶᠡᠭᠡ | ᠲᠥᠷᠥᠯ ᠵᠦᠢᠯ ᠤᠨ ᠦᠢᠯᠡᠳᠪᠦᠷᠢᠯᠡᠯ ᠤᠨ ᠤᠰᠤ ᠬᠡᠷᠡᠭᠯᠡᠬᠦ ᠬᠡᠷᠡᠭᠴᠡᠭᠡ ᠶᠢ ᠭᠦᠢᠴᠡᠳ ᠪᠠᠲᠤᠯᠠᠬᠤ ᠪᠠᠷ ᠪᠠᠷᠠᠬᠤ | ᠦᠭᠡᠢ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠦᠴᠦᠲᠤ ᠲᠤᠯᠭᠠᠭᠤᠷᠢᠯᠠᠯ ᠬᠠᠩᠭᠠᠬᠤ ᠪᠣᠯᠣᠨ᠎ᠠ᠃ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠳᠤ ᠭᠤᠣᠯᠳᠠᠭᠤ 22.6 ᠺᠢᠯᠣᠮᠧᠲᠷ ᠤᠨ ᠤᠰᠤ ᠳᠠᠮᠵᠢᠭᠤᠯᠬᠤ ᠬᠤᠭᠤᠯᠠᠢ᠂ | ᠤᠰᠤ ᠬᠠᠳᠠᠭᠠᠯᠠᠬᠤ 4 ᠴᠦᠬᠦᠷᠦᠮ᠂ ᠳᠠᠷᠤᠯᠲᠠ ᠨᠡᠮᠡᠬᠦ 1 ᠬᠥᠭᠡᠷᠭᠡ ᠵᠢᠴᠢ ᠪᠤᠰᠤᠳ ᠢᠵᠢ ᠪᠦᠷᠢᠳᠦᠭᠦᠯᠬᠦ | ᠲᠥᠬᠦᠭᠡᠷᠦᠮᠵᠢ ᠶᠢ ᠪᠦᠲᠦᠭᠡᠨ ᠪᠠᠶᠢᠭᠤᠯᠵᠦ ᠪᠤᠢ᠃ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢ ᠶᠠᠨ ᠪᠢᠩ᠂ | ᠲᠦᠷᠦᠯ ᠵᠦᠢᠯ ᠤᠨ ᠠᠬᠢᠴᠠ ᠶᠢ ᠪᠠᠲᠤᠯᠠᠬᠤ ᠶᠢᠨ ᠲᠥᠯᠥᠭᠡ᠂ ᠪᠦᠬᠦ ᠠᠵᠢᠯᠲᠠᠳ ᠠᠮᠠᠷᠠᠯᠲᠠ ᠶᠢᠨ ᠬᠤᠭᠤᠴᠠᠭᠠᠨ ᠳᠤ | ᠨᠢᠭᠡᠳᠦᠭᠡᠷ ᠹᠷᠣᠨᠲ ᠲᠤ ᠬᠦᠨᠵᠡᠬᠡᠶᠢᠷᠡᠨ᠂ ᠲᠦᠷᠦᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠢ ᠵᠢᠯ ᠤᠨ | ᠡᠴᠦᠰ ᠲᠤ ᠳᠠᠭᠤᠰᠬᠠᠵᠤ᠂ 2026 ᠣᠨ ᠤ 3 ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ | ᠪᠠᠶᠢᠨ᠎ᠠ ᠭᠡᠪᠠ᠃ |