ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠬᠤ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠭᠤᠣᠯᠳᠠᠯᠭ᠎ᠠ ᠲᠠᠢ ᠡᠭᠦᠷᠭᠡ ᠪᠣᠯᠣᠨ᠎ᠠ᠃ ᠰᠤᠷᠤᠯᠴᠠᠯᠭ᠎ᠠ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ᠂ ᠲᠥᠪ ᠠᠴᠠ | ᠬᠠᠮᠢᠶᠠᠷᠴᠦ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ | ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠤᠷᠤᠯᠴᠠᠬᠤ ᠪᠠᠶᠢᠴᠠᠭᠠᠬᠤ ᠰᠠᠶᠢᠵᠢᠷᠠᠭᠤᠯᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ | ᠪᠠᠶᠢᠭᠠᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠰᠠᠶᠢᠲᠤᠷ | ᠨᠠᠶᠢᠳᠠᠪᠤᠷᠢᠵᠢᠭᠤᠯᠵᠤ᠂ ᠰᠢᠨ᠎ᠡ ᠰᠤᠷᠲᠠᠯ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ | ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠦᠴᠦᠨ ᠴᠢᠳᠠᠯ ᠢ | ᠨᠢᠭᠲᠠᠷᠠᠭᠤᠯᠪᠠ᠃ | ᠨᠢᠭᠡᠳᠦᠯᠲᠡᠢ ᠲᠦᠯᠦᠪᠵᠢᠭᠦᠯᠦᠨ ᠤᠬᠠᠭᠠᠯᠠᠨ ᠲᠦᠯᠦᠪᠯᠡᠵᠤ ᠰᠤᠳᠤᠯᠤᠨ ᠪᠠᠶᠢᠷᠢᠯᠠᠭᠤᠯᠤᠨ᠎ᠠ | ᠲᠤᠰᠬᠠᠢ ᠠᠩᠭᠢ ᠪᠠᠶᠢᠭᠤᠯᠵᠤ᠂ ᠬᠡᠷᠡᠭᠵᠢᠭᠦᠯᠬᠦ ᠲᠥᠰᠥᠯ ᠲᠣᠭᠲᠠᠭᠠᠵᠤ᠂ ︽ᠴᠠᠭ ᠤᠨ ᠬᠦᠰᠦᠨᠦᠭᠲᠦ︾ ᠶᠢ | ᠲᠣᠳᠣᠷᠬᠠᠢ ᠪᠣᠯᠭᠠᠪᠠ ᠁ ᠣᠶᠢᠷ᠎ᠠ ᠶᠢᠨ ᠡᠳᠦᠷ ᠤᠳ ᠲᠤ᠂ ᠲᠥᠪ ᠠᠴᠠ ᠬᠠᠮᠢᠶᠠᠷᠴᠦ ᠪᠠᠶᠢᠭ᠎ᠠ ᠮᠥᠩᠭᠦᠨ | ᠭᠦᠢᠯᠭᠡᠭᠡᠨ ᠤ ᠪᠠᠶᠢᠭᠤᠯᠤᠮᠵᠢ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠴᠢᠬᠤᠯᠠ ᠶᠡᠭᠡ ᠤᠯᠤᠰ ᠲᠦᠷᠦ ᠶᠢᠨ | ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ | ᠲᠦᠯᠦᠪᠯᠡᠬᠦ ᠪᠠ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠲᠡᠷᠡ ᠳᠠᠷᠤᠢ ᠳᠤᠨᠢ ᠰᠤᠳᠤᠯᠤᠨ | ᠪᠠᠶᠢᠷᠢᠯᠠᠭᠤᠯᠵᠤ᠂ ︽ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠳᠣᠣᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠭᠦᠢᠴᠡᠳ | ᠨᠠᠶᠢᠳᠠᠪᠤᠷᠢᠵᠢᠭᠤᠯᠬᠤ ᠪᠠᠷ ᠴᠢᠷᠮᠠᠶᠢᠪᠠ᠃ | ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠨᠠᠮ ᠤᠨ ᠬᠤᠷᠢᠶ᠎ᠠ ᠠᠴᠠ ᠨᠠᠮ ᠤᠨ | ᠬᠤᠷᠢᠶ᠎ᠠ ᠶᠢᠨ ᠬᠤᠷᠠᠯ᠂ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠤᠯᠠᠨ ᠤᠳᠠᠭ᠎ᠠ ᠬᠤᠷᠠᠯᠳᠤᠭᠤᠯᠵᠤ᠂ ᠰᠤᠷᠤᠯᠴᠠᠯᠭ᠎ᠠ ᠬᠥᠮᠦᠵᠢᠯ ᠢ ᠠᠬᠢᠭᠤᠯᠬᠤ ᠠᠵᠢᠯ ᠢ ᠪᠠᠶᠢᠷᠢᠯᠠᠭᠤᠯᠵᠤ᠂ ᠪᠦᠬᠦ | ᠪᠠᠩᠬᠢ ᠶᠢᠨ 2.9 ᠲᠦᠮᠡᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠦᠯᠢᠶᠡᠬᠦ ᠦᠭᠡᠢ | ᠲᠦᠰᠢᠭᠯᠡᠬᠦ ᠦᠭᠡᠢ ᠪᠠᠶᠢᠬᠤ ᠶᠢ ᠲᠦᠯᠬᠢᠨ ᠠᠬᠢᠭᠤᠯᠵᠤ᠂ ᠵᠡᠷᠭᠡ ᠪᠠᠷ ᠡᠬᠢᠯᠡᠭᠦᠯᠪᠡ᠃ ᠦᠢᠯᠡᠳᠪᠦᠷᠢ | ᠬᠤᠳᠠᠯᠳᠤᠭᠠᠨ ᠤ ᠪᠠᠩᠬᠢ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ ᠶᠢ ᠪᠠᠶᠢᠭᠤᠯᠵᠤ᠂ ᠪᠦᠬᠦ | ᠪᠠᠩᠬᠢ ᠶᠢᠨ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠥᠯ ᠢ ᠲᠣᠭᠲᠠᠭᠠᠬᠤ᠂ ᠰᠤᠷᠤᠯᠴᠠᠯᠭ᠎ᠠ | ᠬᠥᠮᠦᠵᠢᠯ ᠤᠨ ᠲᠥᠪᠯᠡᠷᠡᠩᠭᠦᠢ ᠰᠤᠷᠤᠯᠴᠠᠯᠭ᠎ᠠ ᠶᠢ ᠰᠠᠶᠢᠲᠤᠷ ᠬᠢᠬᠦ᠂ ᠠᠰᠠᠭᠤᠳᠠᠯ ᠢ ᠪᠠᠶᠢᠴᠠᠭᠠᠨ ᠳᠡᠯᠭᠡᠬᠦ ᠲᠤᠬᠠᠢ | ᠮᠡᠳᠡᠭᠳᠡᠯ ᠢ ᠳᠠᠷᠤᠮᠠᠯᠯᠠᠨ ᠲᠠᠷᠬᠠᠭᠠᠬᠤ ᠵᠡᠷᠭᠡ ᠶᠢ ᠪᠠᠭᠲᠠᠭᠠᠭᠰᠠᠨ ︽1+2+N︾ ᠠᠵᠢᠯ ᠤᠨ ᠰᠢᠰᠲ᠋ᠧᠮ ᠢ | ᠪᠦᠷᠢᠯᠳᠦᠭᠦᠯᠪᠡ᠃ | ᠵᠥᠩ ᠰᠢᠨ ᠪᠦᠯᠦᠭᠯᠡᠯ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ ᠪᠠᠶᠢᠭᠤᠯᠵᠤ᠂ | ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠵᠤ᠂ 3 ᠲᠠᠯ᠎ᠠ᠂ 10 ᠵᠦᠢᠯ ᠤᠨ ᠭᠤᠣᠯᠳᠠᠯᠭ᠎ᠠ ᠲᠠᠢ ᠠᠷᠭ᠎ᠠ | ᠬᠡᠮᠵᠢᠶ᠎ᠡ ᠶᠢ ᠲᠣᠳᠣᠷᠬᠠᠢ ᠲᠣᠭᠲᠠᠭᠠᠵᠤ᠂ ᠰᠤᠷᠤᠯᠴᠠᠬᠤ ᠪᠠᠶᠢᠴᠠᠭᠠᠬᠤ ᠰᠠᠶᠢᠵᠢᠷᠠᠭᠤᠯᠬᠤ ᠠᠵᠢᠯ ᠢ ᠨᠢᠭᠡ | ᠴᠣᠭᠴᠠᠵᠢᠭᠤᠯᠤᠨ ᠲᠦᠯᠬᠢᠨ ᠠᠬᠢᠭᠤᠯᠪᠠ᠃ ᠰᠤᠷᠤᠯᠴᠠᠵᠤ ᠰᠤᠳᠤᠯᠤᠨ ᠶᠠᠷᠢᠯᠴᠠᠬᠤ ᠶᠢ ᠲᠡᠷᠢᠭᠦᠨ ᠴᠢᠬᠤᠯᠠ ᠡᠭᠦᠷᠭᠡ | ᠪᠠ ᠢᠮᠠᠭᠲᠠ ᠳᠣᠣᠱᠯᠠᠭᠤᠯᠬᠤ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠲᠥᠰᠥᠯ ᠢ ᠰᠤᠳᠤᠯᠤᠨ | ᠲᠣᠭᠲᠠᠭᠠᠵᠤ᠂ ᠨᠠᠮ ᠤᠨ ᠬᠤᠷᠢᠶ᠎ᠡ ᠶᠢᠨ ᠤᠳᠤᠷᠢᠳᠬᠤ ᠪᠠᠭ ᠤᠨ ᠳᠡᠭᠡᠳᠦ ᠱᠠᠲᠤ ᠨᠢ ᠳᠣᠣᠷᠠᠳᠤ ᠱᠠᠲᠤ ᠪᠠᠨ | ᠲᠠᠶᠢᠴᠢᠯᠠᠨ ᠰᠤᠳᠤᠯᠤᠨ ᠰᠤᠷᠤᠯᠴᠠᠬᠤ᠂ ᠨᠠᠮ ᠤᠨ ᠬᠤᠷᠢᠶ᠎ᠡ ᠶᠢᠨ ᠪᠦᠷᠢᠯᠳᠦᠭᠦᠨ ᠨᠠᠷ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠳᠠᠭᠠᠭᠤᠯᠤᠨ ᠰᠤᠷᠤᠯᠴᠠᠬᠤ᠂ ᠨᠠᠮ ᠤᠨ ᠭᠡᠰᠢᠭᠦᠨ ᠺᠠᠳ᠋ᠷᠴᠤᠳ ᠲᠡᠷᠡ ᠬᠡᠪ ᠢᠶᠠᠷ ᠨᠢ ᠥᠪᠡᠷ ᠢᠶᠠᠨ | ᠰᠤᠷᠤᠯᠴᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ︽ᠬᠤᠶᠠᠷ ᠢ ᠲᠣᠭᠲᠠᠭᠠᠭᠰᠠᠨ︾ ᠤ ᠰᠶᠢᠳᠪᠦᠷᠢᠯᠡᠭᠴᠢ ᠴᠢᠨᠠᠷᠳᠠᠢ | ᠠᠴᠢ ᠬᠤᠯᠪᠣᠭᠳᠠᠯ ᠢ ᠵᠥᠪ ᠣᠨᠣᠪᠴᠢᠲᠠᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠪᠡ᠃ | ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠨᠠᠮ ᠤᠨ ᠬᠤᠷᠢᠶ᠎ᠠ ᠶᠢᠨ ᠬᠤᠷᠠᠯ ᠬᠤᠷᠠᠯᠳᠤᠭᠤᠯᠵᠤ | ᠰᠤᠷᠤᠯᠴᠠᠯᠭ᠎ᠠ ᠬᠥᠮᠦᠵᠢᠯ ᠢ ᠡᠬᠢᠯᠡᠭᠦᠯᠦᠨ ᠪᠠᠶᠢᠷᠢᠯᠠᠭᠤᠯᠵᠤ᠂ ᠪᠦᠬᠦ ᠪᠠᠩᠬᠢ ᠶᠢᠨ ᠬᠡᠷᠡᠭᠵᠢᠭᠦᠯᠬᠦ ᠲᠥᠰᠥᠯ ᠢ | ᠲᠣᠭᠲᠠᠭᠠᠨ ᠳᠠᠷᠤᠮᠠᠯᠯᠠᠨ ᠲᠠᠷᠬᠠᠭᠠᠵᠤ᠂ ᠠᠵᠢᠯ ᠤᠨ ᠲᠤᠰᠬᠠᠢ ᠠᠩᠭᠢ ᠪᠠᠶᠢᠭᠤᠯᠬᠤ ᠶᠢᠨ ᠬᠠᠮᠲᠤ ᠠᠵᠢᠯᠯᠠᠭᠠᠨ ᠤ | ᠲᠣᠭᠲᠡᠴᠡ ᠶᠢ ᠲᠣᠳᠣᠷᠬᠠᠶᠢᠯᠠᠵᠤ᠂ ᠲᠤᠰᠬᠠᠢ ᠠᠩᠭᠢ ᠶᠢᠨ ᠬᠤᠷᠠᠯ ᠬᠤᠷᠠᠯᠳᠤᠭᠤᠯᠵᠤ᠂ ᠠᠵᠢᠯ ᠤᠨ | ᠰᠠᠨᠠᠭᠤᠯᠤᠮᠵᠢ ᠶᠢ ᠨᠡᠶᠢᠲᠡᠯᠡᠵᠦ᠂ ᠪᠦᠬᠦ ᠪᠠᠩᠬᠢ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ | ᠨᠠᠮ ᠤᠨ ᠭᠡᠰᠢᠭᠦᠨ ᠺᠠᠳ᠋ᠷᠴᠤᠳ ᠢ ᠨᠠᠮ ᠤᠨ ᠬᠤᠷᠢᠶ᠎ᠡ ᠶᠢᠨ ᠭᠤᠣᠯ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ᠂ | ᠨᠣᠮ ᠤᠩᠰᠢᠬᠤ ᠠᠩᠭᠢ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ | ᠬᠡᠯᠪᠡᠷᠢ ᠪᠠᠷ ᠳᠠᠮᠵᠢᠭᠤᠯᠵᠤ᠂ ᠭᠦᠨᠵᠡᠭᠡᠢ ᠰᠤᠷᠤᠯᠴᠠᠨ ᠰᠤᠳᠤᠯᠤᠨ ᠶᠠᠷᠢᠯᠴᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠯᠠᠪᠳᠠᠭᠤᠨ ᠪᠠᠲᠤᠲᠠᠢ | ᠳᠣᠣᠱᠯᠠᠭᠤᠯᠣᠨ ᠨᠠᠶᠢᠳᠠᠪᠤᠷᠢᠵᠢᠭᠤᠯᠵᠤ᠂ ᠰᠤᠷᠤᠯᠴᠠᠬᠤ ᠪᠠᠶᠢᠴᠠᠭᠠᠬᠤ ᠰᠠᠶᠢᠵᠢᠷᠠᠭᠤᠯᠬᠤ ᠠᠵᠢᠯ ᠢ ᠨᠢᠭᠡ | ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠷᠭᠦᠯᠵᠢᠯᠡᠨ ᠠᠬᠢᠭᠤᠯᠵᠤ᠂ ᠰᠤᠷᠤᠯᠴᠠᠯᠭ᠎ᠠ ᠶᠠᠰᠤ | ᠴᠢᠨᠠᠷ ᠲᠠᠢ᠂ ᠪᠠᠶᠢᠴᠠᠭᠠᠯᠲᠠ ᠡᠷᠴᠢᠮ ᠲᠠᠢ᠂ ᠥᠭᠡᠷᠡᠴᠢᠯᠡᠯᠲᠡ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ | ᠪᠠᠲᠤᠯᠠᠪᠠ᠃ | ᠬᠡᠯᠪᠡᠷᠢ ᠶᠢᠨ ᠰᠢᠨ᠎ᠡ ᠶᠢ ᠡᠭᠦᠳᠴᠦ ᠭᠦᠨᠵᠡᠭᠡᠢ ᠰᠤᠷᠤᠯᠴᠠᠵᠤ ᠨᠠᠷᠢᠨ ᠰᠤᠳᠤᠯᠤᠨ᠎ᠠ | 4 ᠰᠠᠷ᠎ᠠ ᠶᠢᠨ 3 ᠤ ᠡᠳᠦᠷ᠂ ᠬᠤᠪᠧᠢ ᠮᠤᠵᠢ ᠶᠢᠨ ᠡᠸ᠋ᠨ ᠱᠢ ᠵᠧᠦ ᠶᠢᠨ ᠯᠠᠢ ᠹᠧᠩ ᠰᠢᠶᠠᠨ ᠤ ᠵᠠᠩ ᠹᠦ᠋ | ᠴᠢᠩ ᠤᠨ ᠤᠭ ᠰᠠᠨᠠᠭ᠎ᠠ ᠳᠤᠷᠠᠰᠬᠠᠯ ᠤᠨ ᠬᠦᠷᠢᠶᠡᠯᠡᠩ ᠳᠤ ᠥᠪᠡᠷᠮᠢᠴᠡ ᠣᠨᠴᠠᠯᠢᠭ ᠲᠠᠢ ᠰᠤᠷᠤᠯᠴᠠᠯᠭ᠎ᠠ ᠬᠥᠮᠦᠵᠢᠯ | ᠶᠠᠪᠤᠭᠳᠠᠪᠠ᠃ ᠵᠠᠩ ᠹᠦ᠋ ᠴᠢᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠯᠠᠢ ᠹᠧᠩ | ᠰᠠᠯᠪᠤᠷᠢ ᠪᠠᠩᠬᠢ ᠶᠢᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠥᠩᠭᠡᠷᠡᠵᠡᠢ᠂ ᠪᠦᠲᠦᠭᠡᠨ | ᠪᠠᠶᠢᠭᠤᠯᠤᠯᠲᠠ ᠶᠢᠨ ᠪᠠᠩᠬᠢ ᠶᠢᠨ ᠬᠤᠪᠧᠢ ᠮᠤᠵᠢ ᠶᠢᠨ ᠬᠤᠪᠢᠶᠠᠷᠢ ᠪᠠᠩᠬᠢ ᠶᠢᠨ ᠬᠢᠨ ᠰᠤᠷᠤᠯᠴᠠᠯᠭ᠎ᠠ ᠬᠥᠮᠦᠵᠢᠯ ᠢ | ᠵᠠᠩ ᠹᠦ᠋ ᠴᠢᠩ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠠᠴᠠ ᠰᠤᠷᠤᠯᠴᠠᠬᠤ ᠲᠠᠢ ᠣᠷᠭᠠᠨᠢᠭ ᠢᠶᠠᠷ | ᠠᠭᠤᠰᠤᠯᠴᠠᠭᠤᠯᠵᠠᠢ᠃ | ᠡᠨᠡ ᠪᠣᠯ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠬᠢᠨ ᠭᠤᠣᠯ ᠰᠡᠳᠦᠪ ᠢ ᠴᠢᠩᠭ᠎ᠠ ᠠᠳᠬᠤᠨ᠂ ᠪᠣᠳᠠᠲᠤ | ᠪᠠᠶᠢᠳᠠᠯ ᠲᠠᠢ ᠤᠶᠠᠯᠳᠤᠭᠤᠯᠵᠤ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠭᠰᠠᠨ ᠤ ᠨᠢᠭᠡᠨ ᠬᠤᠷᠢᠶᠠᠩᠭᠤᠢ | ᠵᠢᠷᠤᠭᠯᠠᠯ ᠮᠥᠨ᠃ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠪᠦᠲᠦᠭᠡᠨ ᠪᠠᠶᠢᠭᠤᠯᠤᠯᠲᠠ ᠶᠢᠨ | ᠪᠠᠩᠬᠢ ᠶᠢᠨ ᠶᠡᠷᠦᠩᠬᠡᠢ ᠪᠠᠩᠬᠢ ᠶᠢᠨ ᠨᠠᠮ ᠤᠨ ᠬᠤᠷᠢᠶ᠎ᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ 3 ᠡᠳᠦᠷ ᠤᠨ | ᠬᠤᠭᠤᠴᠠᠭ᠎ᠠ ᠲᠠᠢ ᠨᠣᠮ ᠤᠩᠰᠢᠬᠤ ᠠᠩᠭᠢ ᠶᠢᠨ ᠲᠥᠯᠥᠪᠯᠡᠭᠡ ᠶᠢ ᠲᠣᠭᠲᠠᠭᠠᠵᠤ᠂ ᠭᠤᠣᠯ ᠰᠡᠳᠦᠪ ᠢᠶᠠᠨ | ᠵᠢᠭᠰᠠᠭᠠᠵᠤ ᠭᠦᠨᠵᠡᠭᠡᠢ ᠰᠤᠳᠤᠯᠤᠨ ᠰᠤᠷᠤᠯᠴᠠᠪᠠ︔ ᠶᠡᠷᠦᠩᠬᠡᠢ ᠪᠠᠩᠬᠢ ᠶᠢᠨ ᠰᠢᠭᠤᠳ ᠬᠠᠮᠢᠶᠠᠷᠬᠤ 55 ᠨᠢᠬᠡᠴᠡ | ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ᠂ ᠨᠣᠮ | ᠤᠩᠰᠢᠬᠤ ᠠᠩᠭᠢ ᠡᠷᠬᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠰᠤᠷᠤᠯᠴᠠᠵᠤ ᠰᠤᠳᠤᠯᠤᠨ ᠶᠠᠷᠢᠯᠴᠠᠬᠤ ᠶᠢ | ᠥᠷᠨᠢᠭᠦᠯᠵᠡᠢ᠃ | 3 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠤᠨ | ᠨᠠᠮ ᠤᠨ ᠬᠤᠷᠢᠶ᠎ᠠ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠬᠢᠯᠡᠵᠦ᠂ ᠪᠦᠯᠦᠭᠯᠡᠯ ᠤᠨ ᠡᠯ᠎ᠡ | ᠪᠦᠷᠢᠯᠳᠦᠭᠦᠨ ᠨᠢᠬᠡᠴᠡ ᠶᠢᠨ ᠨᠠᠮ ᠤᠨ ᠬᠤᠷᠢᠶ᠎ᠠ ᠴᠤ ᠵᠠᠯᠭᠠᠭ᠎ᠠ ᠪᠠᠷ ᠨᠣᠮ ᠤᠩᠰᠢᠬᠤ ᠠᠩᠭᠢ ᠶᠢᠨ ᠠᠵᠢᠯᠯᠠᠭ᠎ᠠ | ᠥᠷᠨᠢᠭᠦᠯᠪᠡ︔ 4 ᠰᠠᠷ᠎ᠠ ᠶᠢᠨ 9 ᠪᠠ 16 ᠤ ᠡᠳᠦᠷ᠂ ᠳᠣᠮᠳᠠᠳᠦ ᠤᠯᠤᠰ ᠤᠨ ᠡᠪ ᠬᠠᠮᠲᠦ ᠨᠠᠮ ᠤᠨ ᠲᠥᠪ | ᠬᠤᠷᠢᠶ᠎ᠡ ᠶᠢᠨ ᠨᠠᠮ ᠤᠨ ᠲᠡᠦᠬᠡ ᠪᠣᠯᠣᠨ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠵᠡᠷᠭᠡ ᠨᠢᠬᠡᠴᠡ ᠶᠢ | ᠤᠷᠢᠵᠤ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠥᠭᠦᠯᠡᠯᠲᠡ ᠶᠢ ᠰᠤᠷᠤᠯᠴᠠᠬᠤ ᠵᠡᠷᠭᠡ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ | ᠵᠢᠯᠣᠭᠤᠳᠤᠯᠭ᠎ᠠ ᠬᠢᠯᠭᠡᠪᠡ ᠁ | ᠳᠤᠮᠳᠠᠳᠤ ᠤᠯᠤᠰ ᠤᠨ ᠪᠠᠩᠬᠢ 4 ᠰᠠᠷ᠎ᠠ ᠠᠴᠠ 6 ᠰᠠᠷ᠎ᠠ ᠪᠣᠯᠲᠠᠯ᠎ᠠ ᠰᠤᠷᠤᠯᠴᠠᠯᠭ᠎ᠠ ᠬᠥᠮᠦᠵᠢᠯ ᠤᠨ ᠨᠣᠮ | ᠤᠩᠰᠢᠬᠤ ᠠᠩᠭᠢ ᠶᠢ ᠦᠷᠭᠦᠯᠵᠢᠯᠡᠨ ᠥᠷᠨᠢᠭᠦᠯᠵᠦ᠂ ᠬᠠᠮᠲᠤ ᠪᠠᠷ ᠰᠤᠷᠤᠯᠴᠠᠬᠤ᠂ ᠲᠤᠰᠬᠠᠢ ᠰᠡᠳᠦᠪ ᠢᠶᠠᠷ | ᠬᠠᠪᠰᠤᠷᠤᠨ ᠵᠢᠯᠤᠭᠤᠳᠬᠤ᠂ ᠲᠣᠭᠤᠷᠢᠨ ᠦᠵᠡᠵᠦ ᠰᠤᠷᠤᠯᠴᠠᠬᠤ᠂ ᠬᠤᠪᠢ ᠬᠥᠮᠥᠨ ᠥᠪᠡᠷ ᠢᠶᠠᠨ ᠰᠤᠷᠤᠯᠴᠠᠬᠤ | ᠵᠡᠷᠭᠡ ᠬᠡᠯᠪᠡᠷᠢ ᠪᠠᠷ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠥᠭᠦᠯᠡᠯᠲᠡ ᠶᠢᠨ ᠲᠡᠭᠦᠪᠦᠷᠢ︾ ᠵᠡᠷᠭᠡ ᠰᠤᠷᠤᠯᠴᠠᠬᠤ ᠮᠠᠲ᠋ᠧᠷᠢᠶᠠᠯ ᠪᠣᠯᠣᠨ ᠵᠣᠬᠢᠶᠠᠯ ᠤᠳ ᠢ ᠨᠢᠭᠡᠳ ᠨᠢᠭᠡ ᠪᠠᠷ | ᠤᠩᠰᠢᠵᠤ ᠤᠶᠢᠯᠠᠭᠠᠨ᠎ᠠ᠃ ᠡᠭᠦᠨ ᠤ ᠬᠠᠮᠲᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠰᠤᠷᠤᠯᠴᠠᠬᠤ ᠪᠠ | ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠣᠪᠤᠶᠢᠮ᠎ᠠ ᠠᠰᠠᠭᠤᠳᠠᠯ ᠪᠠ | ᠠᠰᠠᠭᠤᠳᠠᠯ ᠤᠨ ᠨᠠᠷᠢᠨ ᠲᠠᠩᠰᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠬᠤᠯᠪᠣᠭᠳᠠᠯ | ᠪᠦᠬᠦᠢ ᠬᠡᠷᠡᠭ ᠤᠨ ᠵᠢᠱᠢᠶ᠎ᠡ ᠶᠢ ᠰᠠᠶᠢᠲᠤᠷ ᠬᠡᠷᠡᠭᠯᠡᠵᠦ᠂ ᠰᠤᠷᠤᠯᠴᠠᠬᠤ ᠶᠢᠨ ᠳᠠᠭᠠᠤ ᠬᠠᠷᠢᠴᠠᠭᠤᠯᠵᠤ ᠪᠠᠶᠢᠴᠠᠭᠠᠨ | ᠳᠡᠯᠭᠡᠪᠡ᠃ | ᠰᠤᠷᠤᠯᠴᠠᠯᠭ᠎ᠠ ᠪᠠᠷ ᠬᠡᠷᠡᠭᠯᠡᠯᠲᠡ ᠶᠢ ᠠᠬᠢᠭᠤᠯᠵᠤ ᠦᠢᠯᠡ ᠠᠵᠢᠯᠯᠠᠭ᠎ᠠ ᠦᠷ᠎ᠡ ᠪᠦᠲᠦᠮᠵᠢ ᠶᠢ ᠳᠤᠪᠤᠶᠢᠯᠭᠠᠨ᠎ᠠ | ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠳᠤ᠂ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ | ᠲᠥᠪ ᠠᠴᠠ ᠬᠠᠮᠢᠶᠠᠷᠴᠦ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠨᠢ ᠰᠤᠷᠤᠯᠴᠠᠬᠤ ᠪᠠᠶᠢᠴᠠᠭᠠᠬᠤ | ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ | ᠬᠦᠴᠦᠨ ᠢᠶᠠᠨ ᠬᠠᠮᠲᠤᠳᠬᠠᠵᠤ᠂ ᠠᠵᠢᠯ ᠬᠢᠵᠦ ᠦᠢᠯᠡᠰ ᠪᠣᠰᠬᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠳᠤ ᠲᠦᠰᠢᠭᠯᠡᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠨᠡᠩ ᠰᠠᠶᠢᠲᠤᠷ ᠪᠡᠶᠡᠯᠡᠭᠦᠯᠦᠨ᠎ᠡ᠃ | ᠲᠤᠬᠠᠶᠢᠯᠠᠭᠰᠠᠨ ᠠᠵᠢᠯ ᠤᠨ ᠳᠦᠷᠢᠮ ᠨᠢ ︽ᠤᠯᠠᠨ ᠲᠠᠯ᠎ᠠ ᠠᠴᠠ ᠠᠰᠠᠭᠤᠬᠤ︾ ᠪᠠᠶᠢᠭᠰᠠᠨ ᠠᠴᠠ ᠪᠠᠨ ︽ | ᠨᠢᠭᠡ ᠯᠡ ᠲᠠᠷᠤᠪᠴᠢ ᠪᠠᠷ ᠪᠠᠶᠢᠴᠠᠭᠠᠬᠤ︾ ᠪᠣᠯᠵᠤ ᠬᠤᠪᠢᠷᠠᠪᠠ — ᠰᠤᠷᠤᠯᠴᠠᠯᠭ᠎ᠠ ᠬᠥᠮᠦᠵᠢᠯ ᠤᠨ ᠶᠠᠪᠤᠴᠠ ᠳᠤ᠂ | ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠰᠤᠳᠤᠯᠤᠨ ᠨᠡᠭᠡᠭᠡᠬᠦ ᠲᠥᠪ ᠤᠨ ᠬᠢᠨ ᠦᠨᠳᠦᠰᠦᠨ ᠱᠠᠲᠤᠨ ᠤ | ᠲᠤᠰᠬᠠᠯ ᠢᠶᠠᠷ ᠴᠢᠩᠭ᠎ᠠ ᠪᠠᠶᠢᠭ᠎ᠠ ᠳᠦᠷᠢᠮ ᠤᠨ ︽ᠮᠡᠳᠡᠭᠡ ᠵᠠᠩᠭᠢ ᠶᠢᠨ ᠪᠠᠬᠢᠯᠡᠯᠲᠡ︾ ᠶᠢᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠵᠤ᠂ AI ᠲᠣᠮᠣ ᠵᠠᠭᠪᠤᠷ ᠲᠤ ᠲᠦᠰᠢᠭᠯᠡᠨ ︽ᠲᠠᠷᠢᠶᠠᠯᠠᠩ ᠤᠨ ᠪᠠᠩᠬᠢ ᠶᠢᠨ | ᠤᠶᠤᠨᠲᠦ ᠠᠰᠠᠭᠤᠯᠳᠠ︾ ᠶᠢᠨ ᠰᠢᠰᠲ᠋ᠧᠮ ᠢ ᠰᠦᠯᠵᠢᠶᠡᠨ ᠳᠤ ᠣᠷᠣᠭᠤᠯᠵᠤ᠂ ᠨᠢᠭᠡᠨᠲᠡ 1600 ᠭᠠᠷᠤᠢ | ᠵᠦᠢᠯ ᠤᠨ ᠳᠦᠷᠢᠮ ᠢ ᠬᠥᠮᠥᠷᠭᠡ ᠳᠤ ᠣᠷᠣᠭᠤᠯᠵᠠᠢ᠃ | ᠳᠤᠮᠳᠠᠳᠤ ᠤᠯᠤᠰ ᠤᠨ ᠠᠷᠠᠳ ᠤᠨ ᠳᠠᠭᠠᠳᠬᠠᠯ ᠤᠨ ᠪᠦᠯᠦᠭᠯᠡᠯ ᠲᠣᠪᠤᠶᠢᠮ᠎ᠠ ᠵᠥᠷᠢᠴᠡᠯ ᠢ ᠴᠢᠩᠭ᠎ᠠ ᠠᠩᠬᠠᠷᠴᠤ᠂ | ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠲᠠᠢ ᠨᠢᠭᠲᠠ ᠤᠶᠠᠯᠳᠤᠭᠤᠯᠵᠠᠢ᠃ ᠳᠤᠮᠳᠠᠳᠤ ᠤᠯᠤᠰ ᠤᠨ ᠠᠷᠠᠳ ᠤᠨ ᠳᠠᠭᠠᠳᠬᠠᠯ | ᠬᠦ᠋ᠴᠦ ᠪᠠᠨ ᠲᠥᠪᠯᠡᠷᠡᠭᠦᠯᠵᠤ᠂ ᠦᠨᠳᠦᠰᠦᠨ ᠱᠠᠲᠤᠨ ᠤ ᠲᠤᠰᠬᠠᠯ ᠶᠡᠬᠡᠲᠡᠢ ᠨᠢᠭᠡ ᠪᠦᠯᠦᠭ ᠬᠡᠯᠪᠡᠷᠢᠴᠢ ᠦᠵᠡᠯ ᠤᠨ | ᠠᠰᠠᠭᠤᠳᠠᠯ ᠢ ᠰᠶᠢᠳᠪᠦᠷᠢᠯᠡᠵᠦ᠂ ᠡᠯ᠎ᠡ ᠲᠥᠷᠥᠯ ᠤᠨ ᠬᠤᠷᠠᠯ᠂ ᠡᠬᠡ ᠳᠠᠩᠰᠠ ᠶᠢᠨ ᠨᠠᠷᠢᠨ ᠳᠠᠩᠰᠠ ᠶᠢ ᠴᠣᠮᠬᠠᠳᠬᠠᠨ | ᠨᠡᠶᠢᠳᠭᠡᠬᠦ ᠪᠠ ᠴᠢᠩᠭ᠎ᠠ ᠬᠢᠨᠠᠨ ᠵᠥᠪᠰᠢᠶᠡᠷᠡᠵᠦ᠂ ᠱᠠᠯᠠᠪᠳᠠᠭᠤᠯᠤᠨ ᠪᠠᠶᠢᠴᠠᠭᠠᠬᠤ ᠰᠢᠯᠭᠠᠨ ᠪᠠᠶᠢᠴᠠᠭᠠᠬᠤ ᠠᠷᠭ᠎ᠠ | ᠬᠡᠯᠪᠡᠷᠢ ᠶᠢ ᠬᠠᠯᠠᠨ ᠰᠠᠶᠢᠵᠢᠷᠠᠭᠤᠯᠵᠤ᠂ ᠮᠠᠲ᠋ᠧᠷᠢᠶᠠᠯ ᠤᠨ ᠤᠷᠤᠮ ᠦᠯᠡᠳᠡᠭᠡᠬᠦ ᠶᠢ ᠴᠢᠬᠤᠯᠠᠴᠢᠯᠠᠵᠤ ᠪᠠᠶᠢᠭᠰᠠᠨ ᠠᠴᠠ | ᠪᠣᠳᠠᠲᠤ ᠠᠮᠵᠢᠯᠲᠠ ᠶᠢ ᠴᠢᠬᠤᠯᠠᠴᠢᠯᠠᠬᠤ ᠳᠠᠯᠳᠠ ᠠᠮᠵᠢᠯᠲᠠ ᠶᠢ ᠴᠢᠬᠤᠯᠠᠴᠢᠯᠠᠬᠤ ᠪᠣᠯᠭᠠᠨ ᠬᠤᠪᠢᠷᠠᠭᠤᠯᠬᠤ ᠶᠢ | ᠠᠬᠢᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠦᠷ᠎ᠡ ᠪᠦᠲᠦᠮᠵᠢ ᠲᠠᠢ ᠪᠣᠯᠭᠠᠨ | ᠥᠭᠡᠷᠡᠴᠢᠯᠡᠵᠦ᠂ ᠳᠡᠯᠡᠬᠡᠢ ᠶᠢᠨ ᠲᠡᠷᠢᠭᠦᠨ ᠤ ᠳᠠᠭᠠᠳᠬᠠᠯ ᠤᠨ ᠮᠥᠩᠭᠦᠨ ᠭᠦᠢᠯᠭᠡᠭᠡᠨ ᠤ ᠪᠦᠯᠦᠭᠯᠡᠯ ᠢ | ᠪᠠᠶᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠪᠠ᠃ | ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠩᠬᠢ ᠰᠤᠷᠤᠯᠴᠠᠯᠭ᠎ᠠ | ᠬᠥᠮᠦᠵᠢᠯ ᠥᠷᠨᠢᠭᠦᠯᠬᠦ ᠶᠢ ᠨᠠᠮ ᠤᠨ ᠲᠥᠪ ᠬᠤᠷᠢᠶ᠎ᠡ ᠶᠢᠨ ᠴᠢᠬᠤᠯᠠ ᠶᠡᠭᠡ ᠰᠶᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠥᠪ ᠤᠨ ᠲᠣᠭᠤᠷᠢᠨ | ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠤᠯᠳᠠ ᠶᠢ ᠦᠷᠭᠦᠯᠵᠢᠯᠡᠨ ᠠᠬᠢᠭᠤᠯᠬᠤ᠂ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠪᠣᠯᠣᠨ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ | ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠲᠠᠢ ᠤᠶᠠᠯᠳᠤᠭᠤᠯᠵᠤ᠂ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ | ᠂ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠤᠨ᠂ ᠪᠠᠶᠢᠩᠭᠤ ᠠᠳᠬᠤᠵᠤ᠂ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠪᠦᠬᠦ ᠪᠠᠩᠬᠢ ᠶᠢᠨ ᠨᠠᠮ ᠤᠨ ᠭᠡᠰᠢᠭᠦᠨ ᠺᠠᠳ᠋ᠷ ᠤᠨ ᠬᠦᠴᠢᠷ ᠢ | ᠲᠤᠭᠤᠯᠵᠤ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ | ᠪᠣᠯᠭᠠᠨ ᠬᠤᠪᠢᠷᠠᠭᠤᠯᠪᠠ᠃ | ᠲᠥᠪ ᠠᠴᠠ ᠬᠠᠮᠢᠶᠠᠷᠴᠦ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠷᠭᠡᠨ ᠤᠯᠠᠨ ᠨᠠᠮ ᠤᠨ | ᠭᠡᠰᠢᠭᠦᠨ ᠺᠠᠳ᠋ᠷ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠵᠦ᠂ ᠡᠳᠦᠷ | ᠳᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠲᠠᠨᠢᠯᠲᠠ ᠪᠠᠨ ᠳᠡᠭᠡᠭᠰᠢᠯᠡᠭᠦᠯᠤᠨ᠂ | ᠢᠲᠡᠭᠡᠯ ᠢᠶᠠᠨ ᠨᠡᠮᠡᠭᠳᠡᠭᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠣᠯᠬᠤ ᠶᠢ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤᠮᠳᠠ ᠰᠢᠨ᠎ᠡ ᠴᠤᠭ ᠵᠢᠪᠬᠤᠭ᠎ᠠ ᠪᠠᠨ ᠢᠯᠡᠷᠡᠭᠦᠯᠦᠨ᠎ᠡ ᠭᠡᠵᠦ ᠢᠯᠡᠳᠬᠡᠵᠡᠭᠡᠪᠡ᠃ |