ᠮᠠᠨ ᠤ ᠠᠶᠢᠮᠠᠭ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠣᠨ ᠠᠪᠬᠤ ᠠᠷᠭ᠎ᠠ ᠪᠠᠷ ᠨᠠᠰᠣᠳᠠᠶᠢᠴᠣᠳ ᠤᠨ ᠠᠰᠠᠷᠠᠮᠵᠢ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/5/8
    ᠮᠠᠨ ᠤ ᠠᠶᠢᠮᠠᠭ ᠤᠨ ᠠᠷᠠᠳ ᠤᠨ ᠶᠠᠪᠤᠳᠠᠯ ᠤᠨ ᠳᠤᠪᠴᠢᠶ᠎ᠠ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠣᠨ ᠠᠪᠬᠤ ᠪᠣᠳᠠᠳᠠᠢ ᠠᠷᠭ᠎ᠠ ᠬᠡᠮᠵᠢᠶ᠎ᠡ ᠪᠠᠷ ᠬᠡᠷ ᠲᠡᠭᠡᠨ ᠰᠠᠭᠤᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠦᠨ᠂ ᠨᠠᠰᠣᠳᠠᠶᠢᠴᠣᠳ ᠤᠨ ᠠᠰᠠᠷᠠᠮᠵᠢ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ ᠪᠠᠶᠢᠨ᠎ᠠ᠃    ᠠᠯᠠᠱᠠ ᠵᠡᠭᠦᠨ ᠬᠤᠰᠢᠭᠤᠨ ᠤ ᠪᠠᠶᠠᠨᠨᠢᠷᠣᠭᠤᠨ ᠰᠤᠮᠤᠨ ᠳᠤ ᠨᠣᠳᠣᠭᠳᠠᠢ ᠬᠤᠲᠠ ᠣᠷᠣᠭᠰᠠᠨ ᠮᠠᠯᠴᠢᠨ ᠣᠯᠠᠭᠠᠨᠴᠡᠴᠡᠭ ᠪᠠᠶᠢᠩᠭᠤ ᠢᠯᠢᠵᠦ ᠨᠣᠬᠤᠯᠠᠭᠤᠯᠬᠤ ᠱᠠᠭᠠᠷᠳᠠᠯᠭ᠎ᠠ ᠲᠠᠢ ᠪᠠᠶᠢᠵᠦ᠂ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠣᠨ ᠠᠪᠬᠤ ᠬᠠᠷᠠᠭᠠᠯᠵᠠᠯ ᠤᠨ ᠰᠠᠶᠢᠨ ᠢᠶᠠᠷ ᠠᠯᠠᠱᠠ ᠵᠡᠭᠦᠨ ᠬᠤᠰᠢᠭᠤᠨ ᠤ ᠴᠢ ᠬᠠᠩ ᠨᠡᠶᠢᠬᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠨᠠᠰᠣᠳᠠᠨ ᠢ ᠠᠰᠠᠷᠠᠬᠤ ᠦᠢᠯᠡᠴᠢᠯᠡᠭᠡ ᠶᠢ ᠬᠦᠷᠲᠡᠵᠡᠢ᠃ ᠳᠡᠷᠡ᠄ ︽ᠪᠢ ᠨᠠᠮ ᠤᠨ ᠬᠠᠯᠠᠮᠵᠢᠯᠠᠯ ᠢ ᠪᠠᠭ᠎ᠠ ᠦᠭᠡᠢ ᠬᠦᠷᠲᠡᠭᠰᠡᠨ ᠬᠦᠮᠦᠨ᠂ ᠨᠠᠳᠠᠳᠣ ᠦᠨᠡᠬᠡᠷ ᠲᠠᠭᠠᠳᠠᠢ ᠰᠠᠨᠠᠭᠳᠠᠵᠤ ᠪᠠᠶᠢᠨ᠎ᠠ᠂ ᠣᠯᠣᠰ ᠠᠴᠠ ᠨᠠᠳᠠᠳᠣ ᠡᠶᠢᠮᠦ ᠶᠡᠭᠡ ᠬᠠᠷᠠᠭᠠᠯᠵᠠᠯ ᠬᠦᠷᠳᠡᠬᠡᠵᠦ ᠦᠭᠭᠦᠭᠰᠡᠨ ᠳᠤ ᠶᠣᠰᠣᠳᠠᠢ ᠲᠠᠯᠠᠷᠬᠠᠵᠦ ᠪᠠᠶᠢᠨ᠎ᠠ︾ ᠬᠡᠵᠦ ᠪᠠᠶᠠᠷᠯᠠᠨ ᠶᠠᠷᠢᠨ᠎ᠠ᠃    ᠪᠠᠶᠠᠨᠬᠤᠳᠠ ᠳᠤ ᠰᠠᠭᠤᠳᠠᠭ ᠳ᠋ᠢᠩ ᠶᠢᠨ ᠪᠣᠣ 2021 ᠣᠨ ᠳᠤ ᠳᠠᠷᠢᠬᠢᠨ ᠳᠤᠨᠢ ᠴᠢᠰᠣ ᠬᠠᠷᠪᠣᠵᠦ ᠲᠠᠯ᠎ᠠ ᠪᠡᠶ᠎ᠡ ᠨᠢ ᠲᠠᠮᠪᠠᠷᠠᠭᠰᠠᠨ ᠠᠴᠠ ᠶᠠᠪᠣᠵᠦ ᠰᠠᠭᠤᠬᠤ᠂ ᠠᠷᠠᠴᠢᠯᠠᠭ᠎ᠠ ᠰᠣᠪᠢᠯᠠᠭ᠎ᠠ ᠬᠢᠬᠦ ᠳᠤ ᠲᠦᠭᠦᠮ ᠦᠭᠡᠢ ᠪᠣᠯᠵᠠᠢ᠃ ᠨᠡᠶᠢᠬᠡᠮ ᠲᠣᠭᠤᠷᠢᠭ ᠤᠨ ᠬᠢᠨ ᠳᠡᠭᠦᠨ ᠤ ᠪᠠᠶᠢᠳᠠᠯ ᠢ ᠨᠠᠷᠢᠨ ᠣᠶᠢᠯᠠᠭᠠᠵᠦ᠂ ᠠᠷᠠᠳ ᠤᠨ ᠶᠠᠪᠣᠳᠠᠯ ᠤᠨ ᠲᠣᠪᠴᠢᠶᠠᠨ ᠠᠴᠠ ᠨᠡᠶᠢᠬᠡᠮ ᠤᠨ ᠠᠵᠢᠯᠳᠠᠨ ᠢ ᠲᠣᠬᠢᠷᠠᠭᠤᠯᠵᠦ ᠭᠡᠷ ᠲᠤᠨᠢ ᠬᠦᠷᠴᠦ ᠡᠷᠡᠭᠦᠯᠵᠢᠯ ᠤᠨ ᠰᠣᠪᠢᠯᠠᠯᠳᠠ ᠬᠢᠬᠦ ᠲᠣᠰᠠᠯᠠᠮᠵᠢ ᠦᠵᠡᠬᠦᠯᠪᠡ᠃ ᠳ᠋ᠢᠩ ᠶᠢᠨ ᠪᠣᠣ᠄ ︽ᠨᠡᠶᠢᠬᠡᠮ ᠤᠨ ᠠᠵᠢᠯᠳᠠᠨ ᠢᠷᠡᠬᠡᠳ ᠨᠠᠳᠠᠳᠣ ᠡᠷᠡᠭᠦᠯᠵᠢᠯ ᠤᠨ ᠲᠠᠮᠢᠷ ᠬᠢᠵᠦ ᠦᠭᠬᠦᠭᠰᠡᠨ ᠢᠶᠠᠷ ᠪᠢ ᠣᠣᠯ ᠠᠴᠠ ᠪᠠᠨ ᠬᠤᠯᠠ ᠳᠡᠩᠬᠡᠷᠡᠭᠰᠡᠨ᠂ ᠣᠳᠣ ᠭᠡᠳᠦ᠋ᠢᠪᠡᠷ ᠶᠠᠪᠣᠬᠤ ᠳᠤ ᠤᠳᠠᠭᠠᠪᠳᠤᠷ ᠪᠠᠶᠢᠭ᠎ᠠ ᠪᠣᠯᠪᠠᠴᠣ ᠴᠤᠭ ᠰᠦᠯᠳᠠ ᠲᠠᠢ ᠪᠤᠯᠵᠤ᠂ ᠠᠮᠢᠳᠤᠷᠠᠯ ᠳᠠᠭᠠᠨ ᠢᠳᠡᠬᠡᠯ ᠲᠠᠢ ᠪᠤᠯᠪᠠ︾ ᠬᠡᠵᠦ ᠳᠠᠯᠠᠷᠬᠠᠵᠦ ᠪᠠᠶᠢᠯ᠎ᠠ᠃    ᠮᠠᠨ ᠤ ᠠᠶᠢᠮᠠᠭ 2016 ᠣᠨ ᠠᠴᠠ ᠡᠬᠢᠯᠡᠨ ᠵᠠᠰᠠᠭ ᠤᠨ ᠣᠷᠳᠣᠨ ᠠᠴᠠ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠬᠤᠳᠠᠯᠳᠤᠨ ᠠᠪᠬᠤ ᠶᠢ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠠᠵᠤ ᠠᠬᠤᠶᠢᠯᠠᠯ ᠢ ᠤᠷᠢᠵᠦ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠳᠤ ᠪᠥᠬᠦ ᠲᠠᠯ᠎ᠠ ᠶᠢᠨ ᠶᠡᠷᠦᠩᠬᠡᠶᠢᠯᠡᠭᠰᠡᠨ ᠦᠨᠡᠯᠡᠯᠲᠡ ᠬᠢᠬᠦ ᠪᠠᠷ ᠳᠠᠮᠵᠢᠨ᠂ ᠨᠠᠰᠤᠲᠠᠶᠢᠴᠤᠳ ᠨᠢᠭᠡᠪᠦᠷᠢ ᠳᠤ ᠲᠣᠬᠢᠷᠠᠭᠰᠠᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠰᠦᠪ ᠢ ᠳᠤᠭᠳᠠᠭᠠᠵᠦ ᠦᠢᠯᠡᠴᠢᠯᠡᠭᠰᠡᠨ ᠪᠠᠶᠢᠨ᠎ᠠ᠃    ᠣᠲᠣ ᠪᠣᠯᠲᠠᠯ᠎ᠠ᠂ ᠠᠯᠠᠱᠠ ᠶᠢᠨ ᠴᠢ ᠬᠠᠩ ᠨᠡᠶᠢᠬᠡᠮ ᠤᠨ ᠠᠵᠢᠯ ᠤᠨ ᠦᠢᠯᠡᠴᠢᠯᠡᠭᠡᠨ ᠤ ᠲᠥᠪ ᠨᠢᠭᠡᠨᠲᠡ ᠠᠯᠠᠱᠠ ᠵᠡᠭᠦᠨ ᠬᠤᠰᠢᠭᠤᠨ ᠤ ᠡᠯ᠎ᠡ ᠵᠡᠭᠡᠯᠢ ᠭᠤᠳᠣᠮᠵᠢ ᠨᠡᠶᠢᠬᠡᠮ ᠲᠣᠭᠤᠷᠢᠭ ᠤᠨ 286 ᠨᠠᠰᠤᠲᠠᠶᠢᠴᠤᠳ ᠲᠤ ᠦᠢᠯᠡᠴᠢᠯᠡᠭᠡ ᠬᠠᠩᠭᠠᠭᠠᠳ᠂ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠨᠢ 100%᠎ ᠳᠤ ᠬᠦᠷᠴᠦ᠂ ᠨᠠᠰᠤᠲᠠᠶᠢᠴᠤᠳ ᠪᠤᠯᠤᠨ ᠬᠡᠷ ᠪᠦᠯᠢ ᠶᠢᠨ ᠬᠢᠨ ᠤ ᠰᠠᠶᠢᠨ ᠦᠨᠡᠯᠡᠯᠳᠠ ᠶᠢ ᠤᠯᠤᠭᠰᠠᠨ ᠪᠠᠶᠢᠨ᠎ᠠ᠃    ᠮᠠᠨ ᠤ ᠠᠶᠢᠮᠠᠭ 60 ᠨᠠᠰᠤᠨ ᠠᠴᠠ ᠳᠡᠭᠡᠭᠰᠢᠬᠢ ᠴᠢᠳᠠᠯ ᠲᠡᠩᠬᠡᠭᠡ ᠪᠠᠨ ᠠᠯᠳᠠᠭᠰᠠᠨ ᠪᠤᠶᠤ ᠬᠠᠭᠠᠰ ᠠᠯᠳᠠᠭᠰᠠᠨ ᠂ ᠬᠦᠨᠳᠦ ᠵᠡᠮᠳᠡᠭ ᠵᠢᠴᠢ ᠬᠦᠨᠳᠦ ᠡᠪᠡᠳᠴᠢᠨ ᠲᠠᠢ ᠨᠠᠰᠤᠲᠠᠨ᠂ 70 ᠨᠠᠰᠤᠨ ᠠᠴᠠ ᠳᠡᠭᠡᠭᠰᠢᠬᠢ ᠥᠨᠥᠴᠢᠨ ᠪᠡᠯᠪᠡᠰᠦᠨ᠂ ᠦᠷ᠎ᠡ ᠬᠡᠤᠬᠡᠳ ᠥᠬᠡᠶ᠂ ᠲᠥᠯᠥᠪᠯᠡᠭᠡᠲᠦ ᠦᠷᠡᠵᠢᠯ ᠤᠨ ᠣᠨᠴᠠ ᠲᠡᠳᠬᠦᠮᠵᠢ ᠶᠢᠨ ᠬᠡᠷ ᠪᠦᠯᠢ ᠪᠣᠯᠣᠨ ᠭᠡᠷ ᠲᠡᠭᠡᠨ ᠬᠤᠴᠣᠷᠤᠭᠰᠠᠨ ᠨᠠᠰᠤᠲᠠᠨ᠂ ᠪᠦᠬᠦᠯᠢ 70 ᠨᠠᠰᠤᠨ ᠠᠴᠠ ᠳᠡᠭᠡᠭᠰᠢᠬᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠣᠯᠣᠨ ᠲᠠᠪᠤᠨ ᠪᠠᠲᠤᠯᠠᠭ᠎ᠠ ᠬᠦᠷᠳᠡᠵᠦ ᠪᠠᠶᠢᠭ᠎ᠠ᠂ ᠬᠦᠳᠡᠯᠮᠦᠷᠢ ᠬᠦᠴᠦ ᠦᠭᠡᠢ᠂ ᠣᠷᠣᠯᠭ᠎ᠠ ᠦᠭᠡᠢ᠂ ᠬᠠᠷᠠᠭᠠᠯᠵᠠᠬᠤ ᠬᠦᠮᠦᠨ ᠦᠭᠡᠢ ᠵᠡᠷᠭᠡ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠲᠤ ᠲᠣᠰ ᠲᠣᠰ ᠤᠨ ᠪᠠᠷᠢᠮᠵᠢᠶ᠎ᠠ ᠶᠣᠰᠣᠭᠠᠷ ᠨᠥᠬᠦᠪᠥᠷᠢ ᠣᠯᠭᠤᠵᠤ ᠪᠠᠶᠢᠬᠤ ᠪᠦᠬᠡᠳ ᠵᠠᠷᠢᠮ ᠬᠤᠰᠢᠭᠤ ᠤᠷᠤᠨ ᠤ ᠬᠢᠨ ᠪᠠᠰᠠ ᠨᠥᠬᠦᠪᠥᠷᠢ ᠣᠯᠭᠤᠬᠤ ᠡᠲᠡᠭᠡᠳ ᠢ 80 ᠨᠠᠰᠤᠨ ᠠᠴᠠ ᠳᠡᠭᠡᠭᠰᠢᠬᠢ ᠥᠨᠳᠥᠷ ᠨᠠᠰᠤᠲᠠᠶᠢᠴᠤᠳ ᠪᠤᠶᠤ 70 ᠨᠠᠰᠤᠨ ᠠᠴᠠ ᠳᠡᠭᠡᠭᠰᠢᠬᠢ ᠪᠥᠬᠦ ᠨᠠᠰᠤᠲᠠᠶᠢᠴᠤᠳ ᠲᠤ ᠬᠦᠷᠲᠡᠯ᠎ᠡ ᠦᠷᠭᠡᠳᠭᠡᠵᠦ ᠪᠠᠶᠢᠨ᠎ᠠ᠃    ᠠᠶᠢᠮᠠᠭ ᠤᠨ ᠠᠷᠠᠳ ᠤᠨ ᠶᠠᠪᠣᠳᠠᠯ ᠤᠨ ᠲᠣᠪᠴᠢᠶᠠᠨ ᠤ ᠨᠠᠰᠤᠲᠠᠶᠢᠴᠤᠳ ᠤᠨ ᠠᠵᠢᠯ ᠪᠠ ᠨᠠᠰᠤᠵᠢᠯ ᠤᠨ ᠦᠢᠯᠡᠴᠢᠯᠡᠭᠡᠨ ᠤ ᠰᠠᠯᠠᠭᠠᠨ ᠳᠠᠷᠤᠭ᠎ᠠ ᠯᠢ ᠯᠢᠩ᠄ ︽ᠲᠠᠷᠠᠭᠠᠴᠢ ᠪᠠᠷ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠬᠡᠷᠡᠭᠴᠡᠭᠡ ᠱᠠᠭᠠᠷᠳᠠᠯᠭ᠎ᠠ ᠶᠢ ᠦᠨᠳᠣᠰᠣᠯᠠᠨ ᠪᠠᠯᠠ ᠮᠥᠩᠭᠦ ᠶᠢᠨ ᠳᠡᠮᠵᠢᠯᠭᠡ ᠤᠯᠬᠤ ᠪᠠᠷ ᠢᠳᠡᠪᠬᠢᠲᠡᠶ ᠴᠢᠷᠮᠠᠶᠢᠵᠤ᠂ ᠲᠤᠰᠬᠠᠶ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠲᠣᠭᠤᠷᠢᠭ ᠪᠠ ᠠᠳᠠᠯ ᠠᠬᠤᠢ ᠶᠢᠨ ᠺᠣᠮᠫᠠᠨᠢ᠂ ᠢᠨᠲ᠋ᠧᠷ ᠰᠦᠯᠵᠢᠶᠡᠨ ᠤ ᠲᠠᠪᠴᠠᠩ ᠵᠡᠷᠭᠡ ᠪᠠᠷ ᠳᠠᠮᠵᠢᠨ ᠨᠠᠰᠤᠲᠠᠶᠢᠴᠤᠳ ᠤᠨ ᠬᠤᠭᠤᠯᠠ ᠤᠮᠳᠠ᠂ ᠤᠬᠢᠶᠠᠯᠭ᠎ᠠ ᠴᠡᠪᠡᠷᠯᠡᠭᠡ᠂ ᠡᠮ ᠡᠮᠨᠡᠯᠭᠡ ᠶᠢᠨ ᠲᠠᠯ᠎ᠠ ᠳᠤ ᠲᠤᠰᠠᠯᠠᠬᠤ ᠵᠡᠷᠭᠡ ᠣᠯᠠᠨ ᠶᠠᠩᠵᠤᠯᠠᠭᠰᠠᠨ ᠦᠢᠯᠡᠴᠢᠯᠡᠭᠡ ᠬᠠᠩᠭᠠᠵᠦ᠂ ᠨᠠᠰᠣᠳᠠᠶᠢᠴᠣᠳ ᠢ ᠥᠲᠡᠯᠦᠭᠡ ᠨᠠᠰᠤ ᠪᠠᠨ ᠵᠣᠯ ᠵᠢᠷᠭᠠᠯ ᠲᠠᠢ ᠦᠩᠭᠡᠷᠡᠭᠦᠯᠬᠦ ᠳᠤ ᠬᠦᠴᠦᠨ ᠨᠡᠮᠡᠷᠢᠯᠡᠨ᠎ᠡ︾ ᠬᠡᠵᠦ ᠪᠠᠶᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号