ᠵᠠᠯᠠᠭᠤᠴᠤᠳ ᠪᠣᠯ ᠤᠯᠤᠰ ᠣᠷᠣᠨ ᠤ ᠰᠦᠭ ᠰᠦᠨᠡᠰᠦ ᠮᠥᠨ᠃ ᠵᠠᠯᠠᠭᠤᠴᠤᠳ ᠨᠢᠭᠡᠪᠦᠷᠢ ᠴᠥᠮ ᠡᠨᠡ ᠬᠦ | ᠴᠠᠭ ᠦᠶ᠎ᠡ ᠶᠢᠨ ᠲᠡᠮᠡᠴᠡᠯ ᠤᠨ ᠭᠤᠣᠯ ᠪᠠᠭᠠᠲᠤᠷ ᠮᠥᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ | ᠠᠶᠠᠨ ᠳᠤ᠂ ᠵᠠᠯᠠᠭᠤᠴᠤᠳ ᠨᠢᠭᠡᠪᠦᠷᠢ ᠲᠡᠮᠡᠴᠡᠯ ᠢᠶᠠᠷ ᠳᠡᠪᠢᠰᠭᠡᠷ ᠦᠩᠭᠡ ᠪᠣᠯᠭᠠᠵᠤ᠂ ᠯᠠᠪᠳᠠᠭᠤᠨ ᠪᠠᠲᠤᠲᠠᠢ | ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠠᠭ ᠮᠦᠴᠡ ᠶᠢ ᠦᠨᠡᠨ ᠬᠦ ᠮᠡᠳᠡᠯᠭᠡ ᠰᠤᠷᠬᠤ᠂ ᠡᠷᠳᠡᠮ | ᠴᠢᠳᠠᠪᠤᠷᠢ ᠪᠠᠨ ᠨᠡᠮᠡᠭᠳᠡᠭᠦᠯᠬᠦ᠂ ᠪᠣᠳᠠᠲᠠᠢ ᠠᠵᠢᠯ ᠬᠢᠬᠦ ᠳᠡᠭᠡᠷ᠎ᠡ ᠵᠠᠷᠤᠴᠠᠭᠤᠯᠵᠤ᠂ ᠲᠡᠮᠡᠴᠡᠯ ᠴᠢᠷᠮᠠᠶᠢᠯᠭ᠎ᠠ ᠪᠠᠷ ᠵᠠᠯᠠᠭᠤ | ᠨᠠᠰᠤᠨ ᠤ ᠳᠠᠭᠤᠯᠠᠯ ᠢᠶᠠᠨ ᠪᠢᠴᠢᠭᠯᠡᠬᠦ ᠬᠡᠷᠡᠭᠲᠡᠢ᠃ | ᠤᠮᠠᠷᠠᠲᠤ ᠬᠢᠯᠢ ᠶᠢᠨ ᠡᠬᠡ ᠭᠠᠵᠠᠷ ᠢ ᠪᠠᠷᠠᠯᠠᠬᠤᠶ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠠᠴᠠ | ᠲᠠᠷᠢᠶᠠᠨ ᠦᠵᠦᠬᠦᠷ ᠬᠦᠷᠲᠡᠯ᠎ᠡ᠂ ᠦᠢᠯᠡᠳᠪᠦᠷᠢ ᠶᠢᠨ ᠲᠠᠰᠤᠭ ᠠᠴᠠ ᠪᠠᠶᠢᠭᠤᠯᠭ᠎ᠠ ᠰᠤᠷᠭᠠᠭᠤᠯᠢ ᠬᠦᠷᠲᠡᠯ᠎ᠡ᠂ | ᠮᠠᠯᠵᠢᠬᠤ ᠲᠠᠷᠢᠶᠠᠯᠠᠬᠤ ᠣᠷᠣᠨ ᠠᠴᠠ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠬᠦᠷᠲᠡᠯ᠎ᠡ᠂ ᠥᠪᠥᠷ | ᠮᠣᠩᠭᠤᠯ ᠤᠨ ᠥᠷᠭᠡᠨ ᠣᠯᠠᠨ ᠵᠠᠯᠠᠭᠤᠴᠤᠳ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠴᠢᠷᠮᠠᠶᠢᠨ | ᠲᠡᠮᠡᠴᠡᠵᠦ᠂ ᠯᠠᠪᠳᠠᠭᠤᠨ ᠪᠠᠲᠤᠲᠠᠶ ᠠᠵᠢᠯᠯᠠᠵᠤ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠥᠪᠥᠷ ᠮᠣᠩᠭᠤᠯ ᠤᠨ | ᠴᠢᠨᠠᠷ ᠰᠠᠶᠢᠲᠠᠶ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠵᠦ ᠪᠠᠶᠢᠨ᠎ᠠ᠃ ᠲᠤᠷᠰᠢᠯᠲᠠ ᠶᠢᠨ | ᠲᠠᠰᠤᠭ ᠲᠤ ᠰᠢᠷᠭᠠᠭᠤ ᠬᠠᠲᠠᠭᠤᠵᠢᠯᠲᠠᠢ ᠪᠠᠷ ᠪᠣᠭᠤᠮᠲᠠ ᠰᠢᠪᠲᠤᠯᠵᠤ᠂ ᠮᠡᠷᠭᠡᠵᠢᠯ ᠤᠨ ᠪᠠᠬᠢᠯᠡᠯᠲᠡ ᠶᠢ ᠰᠢᠨ᠎ᠡ ᠶᠢ | ᠡᠭᠦᠳᠦᠨ ᠰᠢᠪᠲᠤᠯᠤᠭᠰᠠᠨ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠶᠠᠩ ᠫᠧᠩ ᠹᠸᠢ᠂ | ︽ᠳᠤᠮᠳᠠᠳᠤ ᠤᠯᠤᠰ ᠤᠨ ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ ᠱᠠᠩᠨᠠᠯ︾ ᠢ ᠭᠥᠷᠳᠡᠭᠰᠡᠨ 2025 | ᠣᠨ ᠤ ᠥᠪᠥᠷ ᠮᠣᠩᠭᠤᠯ ᠤᠨ ᠴᠣᠷᠢ ᠶᠢᠨ ᠭᠠᠭᠴᠠ ᠬᠤᠪᠢ ᠬᠥᠮᠦᠨ ᠪᠤᠯᠬᠤ ᠳᠤᠮᠳᠠᠳᠤ ᠤᠯᠤᠰ ᠤᠨ ᠬᠤᠶᠠᠳᠤᠭᠠᠷ | ᠲᠡᠮᠦᠷᠯᠢᠭ ᠤᠨ ᠪᠦᠯᠦᠭᠯᠡᠯ ᠺᠣᠮᠫᠠᠨᠢ ᠶᠢᠨ ᠭᠤᠤ ᠯᠸᠢ᠂ ᠡᠭᠡᠷᠡᠮ᠎ᠡ ᠴᠦᠯ ᠬᠦᠨ ᠭᠤᠪᠢ ᠶᠢᠨ ᠳᠤᠮᠳᠠ ᠪᠡᠶ᠎ᠡ ᠪᠠᠷ ᠢᠶᠠᠨ | ᠦᠢᠯᠡᠳᠦᠯᠭᠡᠵᠢᠭᠦᠯᠵᠦ᠂ ᠦᠢᠯᠡ ᠠᠵᠢᠯᠯᠠᠭ᠎ᠠ ᠪᠠᠷ ᠢᠶᠠᠨ ᠨᠤᠮᠢᠨ ᠤᠰᠤ ᠬᠥᠬᠡᠮᠳᠦᠭ ᠠᠭᠤᠯᠠ ᠪᠠᠨ ᠰᠠᠬᠢᠨ | ᠬᠠᠮᠠᠭᠠᠯᠠᠭᠰᠠᠨ ᠢᠯᠢ ᠠᠵᠤ ᠠᠬᠤᠶᠢᠯᠠᠯ ᠤᠨ ᠡᠯᠡᠰᠦ ᠶᠢ ᠵᠠᠰᠠᠭᠰᠠᠨ ᠵᠠᠯᠠᠭᠤᠴᠤᠳ ᠁ ᠡᠳᠡᠭᠡᠷ ᠴᠤᠭ ᠵᠤᠯᠢ | ᠪᠠᠳᠠᠷᠠᠭᠰᠠᠨ ᠵᠠᠯᠠᠭᠤᠴᠤᠳ ᠤᠨ ᠲᠦᠷᠢ ᠲᠥᠷᠬᠦ ᠨᠢ ᠲᠠᠪᠤᠨ ᠰᠠᠷ᠎ᠠ ᠶᠢᠨ ᠲᠦᠷᠪᠡᠨ ᠤ ᠬᠥᠳᠡᠯᠭᠡᠭᠡᠨ ᠤ ᠵᠣᠷᠢᠭ | ᠰᠠᠨᠠᠭᠠᠨ ᠤ ᠣᠳᠣᠬᠠᠨ ᠤ ᠬᠠᠮᠤᠭ ᠤᠨ ᠰᠠᠶᠢᠨ ᠲᠠᠶᠢᠯᠪᠤᠷᠢᠯᠠᠯᠲᠠ ᠪᠣᠯᠬᠤ ᠪᠠᠷ ᠪᠠᠷᠠᠬᠤ ᠦᠭᠡᠢ᠂ ᠨᠡᠩ ᠴᠤ | ᠵᠠᠯᠠᠭᠤᠴᠤᠳ ᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠠᠮᠢᠳᠤᠯᠢᠭ ᠵᠢᠷᠤᠭᠯᠠᠯ ᠪᠣᠯᠤᠨ᠎ᠠ᠃ | ᠤᠳᠤ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠴᠠᠭ ᠤᠨ ᠰᠠᠶᠢᠬᠠᠨ ᠳᠤ ᠲᠠᠭᠠᠷᠠᠵᠤ᠂ ᠠᠪᠢᠶᠠᠰ | ᠴᠢᠳᠠᠪᠤᠷᠢ ᠪᠠᠨ ᠪᠠᠳᠠᠷᠠᠭᠤᠯᠬᠤ ᠲᠠᠪᠴᠠᠩ ᠬᠢᠵᠠᠭᠠᠯᠠᠰᠢ ᠦᠭᠡᠢ ᠥᠷᠭᠡᠨ ᠠᠭᠤᠳᠠᠮ ᠪᠠᠶᠢᠵᠤ᠂ ᠬᠦᠰᠡᠯ ᠵᠡᠭᠦᠳᠦ ᠪᠠᠨ | ᠪᠡᠶᠡᠯᠡᠭᠦᠯᠬᠦ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ᠃ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠰᠢᠨ᠎ᠡ ᠠᠶᠠᠨ ᠳᠤ᠂ ᠤᠳᠤ ᠦᠶ᠎ᠡ ᠶᠢᠨ ᠵᠠᠯᠠᠭᠤᠴᠤᠳ ᠥᠷᠯᠥᠭᠡ ᠦᠳᠡᠰᠢ ᠶᠢ | ᠲᠡᠮᠡᠴᠡᠨ᠂ ᠵᠠᠯᠠᠭᠤ ᠨᠠᠰᠤ ᠪᠠᠨ ᠦᠯᠦ ᠬᠥᠰᠡᠷᠳᠡᠭᠦᠯᠬᠦ ᠳᠣᠯᠭᠠᠮ᠎ᠠ ᠪᠤᠳᠤᠯ᠂ ᠤᠯᠠᠨ ᠤ ᠳᠤᠮᠳᠠ ᠠᠴᠠ ᠴᠤᠯᠭᠤᠷᠠᠨ | ᠭᠠᠷᠬᠤ᠂ ᠥᠪᠡᠷ ᠢ ᠪᠠᠨ ᠦᠷᠡᠭᠳᠡᠭᠦᠯᠬᠦ ᠬᠠᠷᠢᠭᠤᠴᠠᠯᠭᠠᠲᠤ ᠰᠡᠳᠭᠢᠯᠭᠡ᠂ ᠦᠨᠡᠨ ᠠᠴᠠ ᠵᠥᠪ ᠢ ᠡᠷᠢᠬᠦ᠂ ᠴᠤᠭ ᠵᠤᠯᠢ | ᠪᠠᠳᠠᠷᠠᠩᠭᠤᠢ ᠪᠠᠷ ᠡᠭᠦᠷᠭᠡ ᠬᠠᠷᠢᠭᠤᠴᠠᠬᠤ ᠡᠷᠡᠰ ᠵᠤᠷᠢᠭ ᠢᠶᠠᠷ ᠴᠠᠭ ᠦᠶ᠎ᠡ ᠶᠢᠨ ᠡᠮᠦᠨ᠎ᠡ ᠡᠩᠨᠡᠭᠡᠨ ᠳᠤ | ᠬᠤᠰᠢᠭᠤᠷᠠᠬᠤ ᠡᠷᠡᠮᠡᠬᠡᠶᠢᠯᠡᠨ ᠲᠡᠮᠡᠴᠡᠭᠴᠢ᠂ ᠵᠠᠮ ᠨᠡᠭᠡᠭᠡᠭᠴᠢ᠂ ᠬᠤᠪᠢ ᠨᠡᠮᠡᠷᠢ ᠦᠵᠡᠭᠦᠯᠦᠭᠴᠢ ᠪᠤᠯᠵᠤ᠂ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠭᠤᠤ ᠶᠡᠭᠡ ᠦᠢᠯᠡᠳᠦᠯᠭᠡ ᠳᠤᠮᠳᠠ ᠵᠠᠯᠠᠭᠤ ᠨᠠᠰᠤᠨ ᠤ ᠬᠦᠰᠡᠯ | ᠵᠡᠭᠦᠳᠦ ᠪᠠᠨ ᠲᠡᠷᠭᠡᠯᠰᠢᠭᠦᠯᠬᠦ ᠬᠡᠷᠡᠭᠲᠡᠢ᠃ | ᠠᠶᠠᠨ ᠵᠠᠮ ᠠᠳᠠᠪᠠᠰᠢ ᠬᠤᠯᠠ᠂ ᠴᠦᠬᠦᠷᠡᠰᠢ ᠦᠬᠡᠢ ᠴᠢᠷᠮᠠᠶᠢᠨ ᠲᠡᠮᠡᠴᠡᠬᠦ ᠬᠡᠷᠡᠭᠲᠡᠢ᠃ ᠥᠷᠭᠡᠨ ᠤᠯᠠᠨ | ᠵᠠᠯᠠᠭᠤᠴᠤᠳ ᠵᠠᠯᠠᠭᠤ ᠨᠠᠰᠤᠨ ᠳᠠᠭᠠᠨ ᠴᠢᠷᠮᠠᠶᠢᠨ ᠲᠡᠮᠡᠴᠡᠵᠦ᠂ ᠲᠡᠮᠡᠴᠡᠯ ᠢᠶᠠᠷ ᠪᠢᠷ ᠪᠣᠯᠭᠠᠨ᠂ ᠡᠭᠦᠷᠭᠡᠯᠡᠯ ᠢᠶᠠᠷ ᠪᠡᠬᠡᠰ | ᠬᠢᠵᠤ᠂ ᠡᠷᠡᠮᠡᠬᠡᠶᠢᠯᠡᠨ ᠲᠡᠮᠡᠴᠡᠬᠦ ᠳᠦᠷᠰᠦ ᠪᠠᠶᠢᠳᠠᠯ ᠢᠶᠠᠷ ᠴᠠᠭ ᠦᠶ᠎ᠡ ᠶᠢᠨ ᠨᠣᠶᠠᠨ ᠤᠷᠬᠢᠯ ᠳᠤ ᠵᠣᠷᠢᠭᠲᠠᠢ | ᠠᠪᠠᠷᠢᠵᠤ᠂ ᠵᠠᠯᠠᠭᠤ ᠨᠠᠰᠤᠨ ᠤ ᠳᠠᠭᠤᠯᠠᠯ ᠢᠶᠠᠨ ᠪᠢᠴᠢᠭᠯᠡᠬᠦ ᠬᠡᠷᠡᠭᠲᠡᠢ᠃ |