︽ᠳᠥᠷᠪᠡᠨ ᠰᠤᠷᠲᠠᠯ︾᠎ ᠤᠨ ᠠᠰᠠᠭᠤᠳᠠᠯ ᠢ ᠰᠢᠢᠳᠪᠦᠷᠢᠯᠡᠬᠦ ᠳᠤ ᠠᠯᠮᠠᠶᠢᠷᠠᠵᠤ ᠠᠩᠬᠠᠷᠤᠯ ᠰᠢᠯᠵᠢᠵᠤ ᠪᠣᠯᠬᠤ ᠥᠬᠡᠶ
ᠨᠡᠶᠢᠲᠡᠯᠡᠭᠰᠡᠨ ᠴᠠᠭ᠄
2025/6/4
    ᠲᠣᠭᠲᠠᠭᠠᠯ ᠢ ᠵᠥᠷᠢᠴᠡᠨ ᠮᠣᠣᠲ᠋ᠠᠢ ᠠᠷᠢᠬᠢ ᠭᠥᠯᠢᠶᠡᠨ ᠠᠪᠤᠬᠰᠡᠨ᠂ ᠠᠯᠪᠠᠨ ᠤ ᠵᠣᠭᠤᠰ ᠢ ᠮᠡᠬᠡᠯᠡᠨ ᠠᠪᠴᠤ ᠢᠳᠡᠵᠦ ᠤᠤᠭᠤᠬᠤ ᠳᠤ ᠬᠡᠷᠡᠭᠯᠡᠭᠰᠡᠨ᠂ ᠲᠣᠭᠲᠠᠭᠠᠯ ᠢ ᠵᠥᠷᠢᠴᠡᠨ ᠬᠠᠮᠢᠶᠠᠷᠴᠤ ᠦᠢᠯᠡᠴᠢᠯᠡᠬᠦ ᠡᠲᠡᠭᠡᠳ ᠤᠨ ᠲᠣᠬᠢᠷᠠᠭᠤᠯᠤᠭᠰᠠᠨ ᠳᠠᠶᠢᠯᠠᠯᠭ᠎ᠠ ᠶᠢ ᠭᠥᠯᠢᠶᠡᠨ ᠠᠪᠤᠭᠰᠠᠨ ᠁ ᠣᠶᠢᠷ᠎ᠠ ᠳᠤ᠂ ᠬᠠᠶᠢᠨᠠᠨ ᠮᠤᠵᠢ ᠶᠢᠨ ᠬᠢᠨ ᠲᠣᠭᠲᠠᠭᠠᠯ ᠢ ᠵᠥᠷᠢᠴᠡᠨ ᠢᠳᠡᠵᠦ ᠤᠤᠭᠤᠭᠰᠠᠨ᠂ ᠲᠣᠭᠲᠠᠭᠠᠯ ᠢ ᠵᠥᠷᠢᠴᠡᠨ ᠪᠡᠯᠡᠭ ᠰᠡᠯᠲᠡ ᠪᠡᠯᠡᠭ ᠤᠨ ᠵᠣᠭᠤᠰ ᠭᠥᠯᠢᠶᠡᠨ ᠠᠪᠤᠭᠰᠠᠨ 6 ᠨᠡᠶᠢᠲᠡᠯᠢᠭ ᠠᠰᠠᠭᠤᠳᠠᠯ ᠢ ᠵᠠᠷᠯᠠᠨ ᠮᠡᠳᠡᠭᠳᠡᠵᠦ᠂ ᠣᠳᠣᠬᠠᠨ ᠤ ︽ᠳᠥᠷᠪᠡᠨ ᠰᠤᠷᠲᠠᠯ︾᠎ ᠤᠨ ᠠᠰᠠᠭᠤᠳᠠᠯ ᠮᠥᠨ ᠯᠡ ᠮᠤᠵᠢᠭᠤᠳᠠ ᠪᠤᠳᠤᠯᠢᠶᠠᠨᠲᠠᠶ ᠪᠠᠶᠢᠬᠤ ᠶᠢ ᠲᠤᠰᠬᠠᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠡᠷᠬᠡᠪᠰᠢ ︽ᠳᠥᠷᠪᠡᠨ ᠰᠤᠷᠲᠠᠯ︾᠎ ᠤᠨ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠲᠠᠢ ᠪᠠᠷ ᠵᠠᠰᠠᠵᠤ᠂ ᠠᠯᠮᠠᠶᠢᠷᠠᠵᠤ᠂ ᠠᠩᠬᠠᠷᠤᠯ ᠰᠢᠯᠵᠢᠵᠤ ᠪᠣᠯᠬᠤ ᠥᠬᠡᠶ᠃    ︽ᠲᠦᠷᠪᠡᠨ ᠰᠤᠷᠲᠠᠯ︾᠎ ᠤᠨ ᠠᠰᠠᠭᠤᠳᠠᠯ ᠪᠣᠯ ᠰᠤᠷᠲᠠᠯ ᠤᠨ ᠠᠰᠠᠭᠤᠳᠠᠯ ᠤᠨ ᠲᠥᠪᠯᠡᠷᠡᠩᠭᠦᠢ ᠢᠯᠡᠷᠡᠯ ᠮᠥᠨ᠂ ᠲᠡᠷᠡ ᠨᠢ ᠮᠠᠨ ᠤ ᠨᠠᠮ ᠤᠨ ᠰᠢᠨᠵᠢ ᠴᠢᠨᠠᠷ ᠪᠠ ᠵᠣᠷᠢᠯᠲᠠ ᠠᠴᠠ ᠲᠡᠷᠰᠯᠡᠵᠦ᠂ ᠠᠷᠠᠳ ᠤᠯᠠᠨ ᠲᠦᠢᠯ ᠢᠶᠠᠷ ᠬᠤᠷᠣᠰᠤᠨ ᠵᠠᠨᠤᠵᠤ᠂ ᠴᠢᠩᠭ᠎ᠠ ᠲᠤᠰᠬᠠᠯ ᠲᠠᠢ ᠪᠠᠶᠢᠨ᠎ᠠ᠃ ᠤᠢᠢᠷ᠎ᠠ ᠶᠢᠨ ᠵᠢᠯ ᠳᠤ᠂ ᠡᠯ᠎ᠡ ᠲᠠᠯ᠎ᠠ ᠶᠢᠨ ᠬᠢᠨ ︽ᠲᠦᠷᠪᠡᠨ ᠰᠤᠷᠲᠠᠯ︾᠎ ᠤᠨ ᠬᠠᠭᠤᠴᠢᠨ ᠠᠰᠠᠭᠤᠳᠠᠯ ᠪᠣᠯᠤᠨ ᠰᠢᠨ᠎ᠡ ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠵᠠᠰᠠᠵᠤ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ ᠬᠦᠴᠦᠲᠡᠢ ᠬᠤᠷᠢᠭᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠪᠠ᠃ ︽ᠲᠦᠷᠪᠡᠨ ᠰᠤᠷᠲᠠᠯ︾᠎ ᠤᠨ ᠠᠷᠬᠠᠭ ᠬᠡᠮ ᠢ ᠪᠦᠲᠦᠮᠵᠢᠲᠡᠢ ᠪᠠᠷ ᠬᠤᠪᠢᠷᠠᠭᠤᠯᠵᠤ᠂ ᠭᠠᠵᠢᠭᠤ ᠰᠤᠷᠲᠠᠯ ᠤᠨ ᠣᠷᠣᠰᠢᠨ ᠲᠣᠭᠲᠠᠨᠢᠬᠤ ᠣᠷᠣᠨ ᠵᠠᠢ ᠶᠢ ᠲᠠᠰᠤᠷᠠᠯᠳᠠ ᠦᠭᠡᠢ ᠪᠠᠭᠠᠰᠬᠠᠵᠤ᠂ ᠨᠠᠮ ᠤᠨ ᠰᠤᠷᠲᠠᠯ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠪᠠ᠃    ᠡᠭᠦᠨ ᠤ ᠵᠡᠷᠭᠡ ᠪᠠᠷ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠬᠠᠭᠤᠴᠢᠨ ᠠᠰᠠᠭᠤᠳᠠᠯ᠂ ᠰᠢᠨ᠎ᠡ ᠬᠤᠪᠢᠯᠪᠤᠷᠢ ᠮᠥᠨ ᠬᠦ ᠳᠠᠯᠳᠠ ᠪᠠᠷ ᠡᠭᠦᠰᠦᠨ ᠳᠡᠯᠭᠡᠷᠡᠵᠦ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠪᠠᠶᠢᠨ ᠳᠠᠬᠢᠨ ᠲᠣᠯᠣᠭᠠᠶ ᠥᠨᠳᠡᠶᠢᠵᠦ᠂ ᠢᠯᠠᠩᠭᠤᠶ᠎ᠠ ᠬᠠᠷᠢᠭᠤᠴᠠᠯᠭ᠎ᠠ ᠡᠭᠦᠷᠭᠡᠯᠡᠬᠦ ᠥᠬᠡᠶ ᠠᠵᠢᠯ ᠬᠢᠬᠦ ᠥᠬᠡᠶ᠂ ᠬᠠᠷᠢᠯᠴᠠᠨ ᠲᠦᠯᠬᠢᠯᠴᠡᠬᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠨᠢᠭᠡ ᠯᠡ ᠠᠳᠠᠯᠢ ᠪᠠᠷ ᠱᠠᠭᠠᠷᠳᠠᠬᠤ᠂ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠨᠢ ᠦᠨᠡᠨ ᠪᠣᠳᠠᠲᠠᠶ ᠪᠤᠰᠤ ᠲᠥᠪ ᠪᠤᠰᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠵᠡᠷᠭᠡ ᠲᠣᠪᠤᠶᠢᠮ᠎ᠠ ᠠᠰᠠᠭᠤᠳᠠᠯ ᠣᠷᠣᠰᠢᠵᠤ᠂ ᠺᠠᠳ᠋ᠷ ᠣᠯᠠᠨ ᠲᠦᠮᠡᠨ ᠤ ᠲᠤᠰᠬᠠᠯ ᠮᠥᠨ ᠬᠦ ᠨᠡᠯᠢᠶᠡᠳ ᠴᠢᠩᠭ᠎ᠠ ᠪᠠᠶᠢᠬᠤ ᠶᠢ ᠪᠠᠰᠠ ᠣᠯᠵᠤ ᠬᠠᠷᠠᠬᠤ ᠬᠡᠷᠡᠭᠲᠡᠶ᠃ ᠡᠷᠬᠡᠪᠰᠢ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠶᠢ ᠣᠨᠣᠪᠴᠢᠲᠠᠢ ᠡᠷᠢᠵᠦ᠂ ᠠᠮᠢᠨ ᠭᠠᠵᠠᠷ ᠢ ᠨᠢ ᠠᠳᠬᠤᠵᠤ᠂ ︽ᠲᠦᠷᠪᠡᠨ ᠰᠤᠷᠲᠠᠯ︾᠎ ᠤᠨ ᠠᠰᠠᠭᠤᠳᠠᠯ ᠢ ᠦᠷᠭᠦᠯᠵᠢᠯᠡᠨ ᠭᠦᠨᠵᠡᠭᠡᠢ ᠵᠠᠯᠠᠷᠠᠭᠤᠯᠬᠤ ᠬᠡᠷᠡᠭᠲᠡᠢ᠃    ︽ᠲᠦᠷᠪᠡᠨ ᠰᠤᠷᠲᠠᠯ︾᠎ ᠤᠨ ᠠᠰᠠᠭᠤᠳᠠᠯ ᠢ ᠰᠢᠢᠳᠪᠦᠷᠢᠯᠡᠬᠦ ᠳᠤ ᠭᠤᠣᠯ ᠵᠥᠷᠢᠴᠡᠯ ᠪᠠ ᠵᠥᠷᠢᠴᠡᠯ ᠤᠨ ᠭᠤᠣᠯ ᠲᠠᠯ᠎ᠠ ᠶᠢ ᠠᠳᠬᠤᠵᠤ᠂ ᠶᠠᠮᠠᠷ ᠠᠰᠠᠭᠤᠳᠠᠯ ᠲᠤᠪᠤᠶᠢᠮ᠎ᠠ ᠪᠠᠶᠢᠪᠠᠯ ᠲᠡᠷᠡ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠶᠠᠮᠠᠷ ᠠᠰᠠᠭᠤᠳᠠᠯ ᠳᠣᠯᠭᠠᠮ᠎ᠠ ᠪᠠᠶᠢᠪᠠᠯ ᠲᠡᠷᠡ ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠬᠦ ᠬᠡᠷᠡᠭᠲᠡᠢ᠃ ᠬᠡᠯᠪᠡᠷᠢᠴᠢ ᠦᠵᠡᠯ ᠢ ᠡᠰᠡᠷᠭᠦᠴᠡᠬᠦ ᠳᠤ ᠠᠵᠢᠯ ᠤᠨ ᠪᠣᠳᠠᠲᠠᠢ ᠪᠤᠰᠤ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ︔ ᠨᠣᠶᠠᠨᠴᠢ ᠰᠤᠷᠲᠠᠯ ᠢ ᠡᠰᠡᠷᠭᠦᠴᠡᠬᠦ ᠳᠤ ᠠᠷᠠᠳ ᠤᠯᠠᠨ ᠤ ᠠᠰᠢᠭ ᠲᠤᠰᠠ ᠶᠢ ᠬᠠᠮᠠᠭᠠᠯᠠᠬᠤ ᠦᠭᠡᠢ᠂ ᠵᠢᠳᠬᠦᠯ ᠴᠢᠷᠮᠠᠶᠢᠯᠭ᠎ᠠ ᠭᠠᠷᠭᠠᠬᠤ ᠦᠭᠡᠢ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ︔ ᠵᠢᠷᠭᠠᠨ ᠴᠡᠩᠭᠡᠬᠦ ᠦᠵᠡᠯ ᠢ ᠡᠰᠡᠷᠭᠦᠴᠡᠬᠦ ᠳᠤ ᠴᠠᠭ ᠲᠤᠬᠠᠢ ᠳᠤᠨᠢ ᠵᠢᠷᠭᠠᠨ ᠴᠡᠩᠭᠡᠬᠦ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠭᠤᠣᠯᠳᠠᠯᠭ᠎ᠠ ᠲᠠᠢ ᠲᠡᠪᠴᠢᠬᠦ ᠬᠡᠷᠡᠭᠲᠡᠢ︔ ᠱᠠᠯᠢᠨ ᠪᠦᠷᠢᠯᠭᠡᠬᠦ ᠰᠤᠷᠲᠠᠯ ᠢ ᠡᠰᠡᠷᠭᠦᠴᠡᠬᠦ ᠳᠤ ᠱᠠᠯᠢᠨ ᠪᠦᠷᠢᠯᠭᠡᠵᠦ ᠵᠢᠷᠭᠠᠨ ᠴᠡᠩᠭᠡᠬᠦ ᠪᠠ ᠤᠮᠤᠷᠬᠠᠭ ᠲᠠᠩᠬᠠᠢ ᠤᠵᠢᠳ ᠰᠠᠮᠠᠭᠤᠨ ᠮᠠᠭᠤ ᠰᠤᠷᠲᠠᠯ ᠢ ᠭᠤᠣᠯᠳᠠᠯᠭ᠎ᠠ ᠲᠠᠢ ᠬᠤᠷᠢᠭᠯᠠᠨ ᠵᠣᠭᠰᠣᠭᠠᠬᠤ ᠬᠡᠷᠡᠭᠲᠡᠢ᠃ ᠬᠠᠷᠠᠯᠲᠠ ᠪᠠᠨ ᠣᠨᠣᠪᠴᠢᠲᠠᠢ ᠣᠯᠵᠤ᠂ ᠬᠠᠷᠠᠯᠲᠠ ᠲᠠᠢ ᠪᠠᠷ ᠰᠤᠮᠤ ᠬᠠᠷᠪᠤᠪᠠᠯ ᠰᠠᠶ᠋ᠢ ᠪᠣᠳᠠᠲᠤ ᠦᠷ᠎ᠡ ᠪᠦᠲᠦᠮᠵᠢ ᠣᠯᠵᠤ ᠴᠢᠳᠠᠨ᠎ᠠ᠃    ︽ᠳᠥᠷᠪᠡᠨ ᠰᠤᠷᠲᠠᠯ︾᠎ ᠤᠨ ᠠᠰᠠᠭᠤᠳᠠᠯ ᠢ ᠰᠢᠢᠳᠪᠦᠷᠢᠯᠡᠬᠦ ᠳᠤ ᠥᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠬᠡᠷᠡᠭᠲᠡᠶ᠃ ︽ᠲᠦᠷᠪᠡᠨ ᠰᠤᠷᠲᠠᠯ︾᠎ ᠤᠨ ᠠᠰᠠᠭᠤᠳᠠᠯ ᠤᠨ ᠡᠯ᠎ᠡ ᠵᠦᠢᠯ ᠤᠨ ᠢᠯᠡᠷᠡᠯ ᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠵᠠᠯᠠᠷᠠᠭᠤᠯᠬᠤ ᠶᠣᠰᠣᠲᠠᠢ ᠶᠢ ᠨᠢ ᠵᠠᠯᠠᠷᠠᠭᠤᠯᠵᠤ᠂ ᠴᠠᠭᠠᠵᠠᠯᠠᠬᠤ ᠶᠣᠰᠣᠲᠠᠢ ᠶᠢ ᠨᠢ ᠴᠠᠭᠠᠵᠠᠯᠠᠬᠤ ᠬᠡᠷᠡᠭᠲᠡᠢ᠂ ᠡᠭᠦᠨ ᠤ ᠵᠡᠷᠭᠡ ᠪᠠᠷ ᠠᠰᠠᠭᠤᠳᠠᠯ ᠢ ᠭᠠᠳᠠᠷ ᠠᠴᠠ ᠨᠢ ᠳᠣᠲᠣᠷ᠎ᠠ ᠳᠤᠨᠢ ᠬᠦᠷᠳᠡᠯ᠎ᠠ ᠭᠦᠨ ᠳᠠᠪᠬᠤᠷᠭ᠎ᠠ ᠶᠢᠨ ᠰᠢᠯᠲᠠᠭᠠᠨ ᠢ ᠡᠷᠢᠵᠦ᠂ ︽ᠲᠦᠷᠪᠡᠨ ᠰᠤᠷᠲᠠᠯ︾᠎ ᠤᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠬᠢᠬᠦ᠂ ᠪᠠᠶᠢᠭᠤᠯᠤᠯ ᠲᠣᠭᠲᠠᠴᠠ ᠶᠢ ᠪᠦᠷᠢᠨᠰᠢᠬᠦᠯᠬᠦ ᠵᠡᠷᠭᠡ ᠲᠠᠢ ᠨᠡᠪᠲᠡᠷᠡᠯᠴᠡᠬᠦᠯᠵᠤ᠂ ᠰᠢᠰᠲ᠋ᠧᠮ ᠤᠨ ᠴᠢᠨᠠᠷᠲᠠᠢ ᠠᠷᠭ᠎ᠠ ᠬᠡᠮᠵᠢᠶ᠎ᠡ ᠪᠠᠷ ᠲᠥᠪ ᠪᠤᠰᠤ ᠰᠤᠷᠲᠠᠯ ᠢ ᠬᠤᠷᠢᠭᠯᠠᠬᠤ ᠬᠡᠷᠡᠭᠲᠡᠢ᠃    ᠰᠤᠷᠲᠠᠯ ᠢ ᠵᠠᠯᠠᠷᠠᠭᠤᠯᠬᠤ ᠶᠢᠨ ᠬᠦᠴᠢᠷ ᠨᠢ ᠳᠠᠬᠢᠨ ᠡᠭᠦᠰᠭᠦ ᠶᠢ ᠰᠡᠷᠭᠡᠶᠢᠯᠡᠬᠦ ᠳᠤ ᠪᠠᠶᠢᠨ᠎ᠠ᠃ ᠣᠳᠣᠬᠠᠨ ᠳᠤ ᠵᠠᠷᠢᠮ ᠭᠠᠵᠢᠭᠤ ᠠᠷᠭ᠎ᠠ ᠶᠢ ᠬᠡᠷᠡᠭᠯᠡᠬᠦ᠂ ᠳᠤᠲᠠᠭᠤ ᠲᠤᠷᠭᠤᠨ ᠬᠢᠬᠦ᠂ ᠪᠠᠶᠢᠳᠠᠯ ᠢ ᠨᠢ ᠦᠵᠡᠵᠤ ᠬᠤᠪᠢᠷᠠᠭᠤᠯᠬᠤ ᠦᠵᠡᠭᠳᠡᠯ ᠣᠷᠣᠰᠢᠵᠤ᠂ ᠪᠢᠳᠡᠨ ᠢ ︽ᠲᠦᠷᠪᠡᠨ ᠰᠤᠷᠲᠠᠯ︾᠎ ᠤᠨ ᠰᠢᠨ᠎ᠡ ᠬᠡᠯᠪᠡᠷᠢ ᠰᠢᠨ᠎ᠡ ᠬᠠᠨᠳᠤᠰᠢ ᠶᠢ ᠴᠢᠩᠭ᠎ᠠ ᠠᠩᠬᠠᠷᠴᠤ᠂ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠵᠠᠰᠠᠯᠲᠠ ᠶᠢᠨ ᠠᠷᠭ᠎ᠠ ᠪᠠᠷᠢᠯ ᠢᠶᠠᠨ ᠪᠠᠶᠠᠯᠢᠭᠵᠢᠭᠤᠯᠬᠤ ᠬᠡᠷᠡᠭᠲᠡᠢ ᠭᠡᠵᠦ ᠰᠡᠷᠡᠮᠵᠢᠯᠡᠭᠦᠯᠵᠦ ᠪᠠᠶᠢᠨ᠎ᠠ᠃ ᠪᠠᠰᠠ ︽ᠲᠦᠷᠪᠡᠨ ᠰᠤᠷᠲᠠᠯ︾᠎ ᠤᠨ ᠠᠰᠠᠭᠤᠳᠠᠯ ᠤᠨ ᠮᠤᠵᠢᠭᠤᠳᠠ ᠴᠢᠨᠠᠷ᠂ ᠤᠷᠳᠤ ᠬᠤᠭᠤᠴᠠᠭᠠᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠲᠠᠨᠢᠵᠤ᠂ ︽ᠶᠠᠳᠠᠷᠠᠯ ᠵᠦᠳᠡᠷᠡᠯ ᠤᠨ ᠨᠡᠶᠢᠯᠡᠭ ᠬᠡᠮ︾ ᠡᠭᠦᠰᠭᠦ ᠶᠢ ᠡᠷᠡᠰ ᠰᠡᠷᠭᠡᠶᠢᠯᠡᠵᠦ᠂ ᠪᠠᠷᠢᠮᠲᠠᠯᠠᠬᠤ ᠳᠤᠮᠳᠠ ᠪᠠᠶᠢᠩᠭᠤᠵᠢᠭᠤᠯᠵᠤ᠂ ᠲᠦᠷᠢᠮ ᠤᠨ ᠪᠠᠶᠢᠭᠤᠯᠤᠯᠲᠠ ᠶᠢ ᠤᠷᠳᠤ ᠬᠤᠭᠤᠴᠠᠭ᠎ᠠ ᠪᠦᠲᠦᠮᠵᠢᠲᠡᠢ ᠪᠠᠶᠢᠯᠭᠠᠵᠤ᠂ ᠰᠢᠯᠢᠳᠡᠭ ᠰᠤᠷᠲᠠᠯ ᠢᠶᠠᠷ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号