2025 ᠣᠨ ᠤ 3 ᠳ᠋ᠤᠭᠠᠷ ᠰᠠᠷ᠎ᠠ ᠶᠢᠨ 18 ᠤ ᠡᠳᠦᠷ᠂ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ︽ | 2025 ᠣᠨ ᠤ ᠠᠯᠠᠱᠠ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠭᠤᠤᠯᠳᠠᠯᠭ᠎ᠠ︾ | ︵ᠳᠣᠷᠣᠭᠰᠢ ︽ᠠᠵᠢᠯ ᠤᠨ ᠭᠤᠤᠯᠳᠠᠯᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠯ᠎ᠠ᠂ ᠡᠳᠦᠭᠡ | ᠲᠠᠶᠢᠯᠤᠮᠵᠢ ᠬᠢᠶ᠎ᠡ᠄ | ᠨᠢᠭᠡ᠂ ᠠᠬᠤᠶ ᠪᠠᠶᠢᠳᠠᠯ ᠦᠨᠳᠦᠰᠦᠯᠡᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ | ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠠ ᠪᠥᠬᠦ ᠣᠷᠣᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠳᠣᠣᠱᠯᠠᠭᠤᠯᠵᠦ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ | ᠬᠠᠮᠢᠶ᠎ᠠ ᠪᠥᠬᠦᠶ ᠵᠣᠷᠢᠭ ᠰᠠᠨᠠᠭ᠎ᠠ ᠪᠠ ︽ᠵᠢᠷᠭᠤᠭᠠᠨ ᠠᠵᠢᠯᠯᠠᠭ᠎ᠠ︾ ᠶᠢᠨ ᠡᠭᠦᠷᠭᠡ ᠶᠢᠨ ᠬᠤᠪᠢᠶᠠᠷᠢᠯᠠᠯ ᠵᠢᠴᠢ | ᠬᠤᠯᠪᠣᠭᠳᠠᠯ ᠪᠥᠬᠦᠶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ 2025 ᠣᠨ ᠤ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ | ᠠᠬᠢᠭᠤᠯᠬᠤ ᠶᠢᠨ ᠳᠣᠰᠠᠳᠠ᠂ ︽2025 ᠣᠨ ᠤ ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠠᠵᠢᠯ ᠤᠨ ᠭᠤᠤᠯᠳᠠᠯᠭ᠎ᠠ︾᠂ ︽ᠠᠯᠠᠱᠠ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ | ᠬᠡᠷᠡᠭᠵᠢᠭᠦᠯᠬᠦ ᠲᠥᠰᠦᠯ ︵2023—2025 ᠣᠨ︶︾᠂ ︽ᠠᠯᠠᠱᠠ ᠠᠶᠢᠮᠠᠭ ᠤᠨ ︿ᠵᠢᠷᠭᠤᠭᠠᠨ ᠠᠵᠢᠯᠯᠠᠭ᠎ᠠ﹀ | ᠶᠢᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ᠲᠣᠰ ︽ᠠᠵᠢᠯ ᠤᠨ ᠭᠤᠤᠯᠳᠠᠯᠭ᠎ᠠ︾ ᠶᠢ ᠲᠣᠭᠲᠠᠭᠠᠪᠠ᠃ | ᠬᠤᠶᠠᠷ᠂ ᠲᠣᠭᠲᠠᠭᠠᠭᠰᠠᠨ ᠵᠣᠷᠢᠯᠭ᠎ᠠ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠴᠢᠨᠠᠭᠰᠢᠳᠠ ᠴᠢᠩᠭᠠᠳᠬᠠᠵᠤ | ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠮᠬᠢ ᠳᠢᠭᠯᠢᠮ ᠢ ᠵᠢᠷᠤᠮᠵᠢᠭᠤᠯᠵᠤ᠂ ᠣᠷᠣᠨ ᠪᠦᠰᠡ ᠶᠢᠨ | ᠬᠠᠮᠲᠤᠷᠠᠯᠴᠠᠭ᠎ᠠ ᠪᠠᠷ ᠬᠦᠳᠦᠯᠦᠨ ᠳᠠᠭᠠᠭᠤᠯᠬᠤ ᠶᠢ ᠭᠦᠨᠵᠡᠭᠡᠶᠢᠷᠡᠭᠦᠯᠵᠦ᠂ ᠠᠵᠤ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠵᠦ᠂ 2025 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠠᠷᠠᠯᠲᠠ | ᠡᠭᠦᠷᠭᠡ ᠶᠢ ᠲᠣᠭᠲᠠᠭᠠᠬᠤ᠂ ᠵᠠᠳᠠᠯᠬᠤ᠂ ᠬᠡᠮᠵᠢᠶᠡᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤ ᠣᠷᠣᠨ | ᠤ ᠭᠤᠣᠯ ᠴᠣᠭᠴᠠ ᠶᠢᠨ ᠬᠠᠷᠢᠭᠤᠴᠠᠯᠭ᠎ᠠ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ | ᠭᠤᠣᠯᠳᠠᠯᠭ᠎ᠠ᠂ ᠪᠦᠬᠦ ᠵᠢᠯ ᠤᠨ ᠭᠤᠣᠯᠳᠠᠯᠭ᠎ᠠ ᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢᠨ | ᠲᠥᠯᠥᠪᠯᠡᠭᠡ᠂ ᠮᠥᠷᠳᠡᠨ ᠦᠢᠯᠡᠴᠢᠯᠡᠬᠦ ᠪᠠᠳᠣᠯᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠨᠡᠩ ᠤᠯᠠᠨ | ᠬᠤᠳᠠᠯᠳᠤᠭᠠᠴᠢᠨ ᠤᠷᠢᠬᠤ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ 2025 ᠣᠨ ᠤ ᠪᠦᠬᠦ | ᠠᠶᠢᠮᠠᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠬᠤ ᠳᠤ ᠴᠢᠭᠯᠡᠯ ᠪᠠ ᠵᠢᠯᠣᠭᠤᠳᠣᠮᠵᠢ ᠬᠠᠩᠭᠠᠪᠠ᠃ | ᠭᠤᠷᠪᠠ᠂ ᠲᠣᠭᠲᠠᠭᠠᠭᠰᠠᠨ ᠶᠠᠪᠤᠴᠠ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ | ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠠᠵᠢᠯ ᠤᠨ ᠭᠤᠤᠯᠳᠠᠯᠭ᠎ᠠ︾ ᠶᠢ ᠲᠤᠭᠤᠷᠪᠢᠬᠤ ᠶᠢ | ᠬᠠᠷᠢᠭᠤᠴᠠᠪᠠ᠃ ︽ᠠᠵᠢᠯ ᠤᠨ ᠭᠤᠤᠯᠳᠠᠯᠭ᠎ᠠ︾ ᠶᠢ ᠲᠤᠭᠤᠷᠪᠢᠬᠤ ᠠᠵᠢᠯ ᠢ 2024 ᠣᠨ ᠤ 1 ᠰᠠᠷ᠎ᠠ ᠶᠢᠨ | 12 ᠤᠨ ᠡᠳᠦᠷ ᠡᠬᠢᠯᠡᠭᠦᠯᠵᠦ᠂ 2 ᠰᠠᠷ᠎ᠠ ᠶᠢᠨ 12 ᠤᠨ ᠡᠳᠦᠷ ︽ᠠᠵᠢᠯ ᠤᠨ ᠭᠤᠤᠯᠳᠠᠯᠭ᠎ᠠ︾ ︵ᠡᠬᠡ ᠨᠣᠤᠷᠠᠭ︶ | ᠶᠢ ᠪᠢᠴᠢᠵᠦ ᠪᠠᠷᠠᠭᠠᠳ ᠪᠥᠬᠦ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠠᠵᠢᠯ ᠤᠨ ᠬᠤᠷᠠᠯ ᠳᠡᠭᠡᠷ᠎ᠡ | ᠰᠤᠳᠤᠯᠤᠨ ᠬᠢᠨᠠᠨ ᠵᠥᠪᠯᠡᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠬᠤᠷᠢᠶᠠᠵᠦ ᠵᠠᠰᠠᠪᠤᠷᠢ ᠣᠷᠣᠭᠤᠯᠤᠭᠰᠠᠨ ᠤ | ᠳᠠᠷᠠᠭ᠎ᠠ 2 ᠰᠠᠷ᠎ᠠ ᠶᠢᠨ 25 ᠤ ᠡᠳᠦᠷ ︽ᠠᠵᠢᠯ ᠤᠨ ᠭᠤᠤᠯᠳᠠᠯᠭ᠎ᠠ︾ ︵ᠰᠠᠨᠠᠯ ᠬᠤᠷᠢᠶᠠᠬᠤ ᠨᠣᠤᠷᠠᠭ︶ ᠶᠢ | ᠪᠢᠴᠢᠵᠦ ᠳᠠᠭᠤᠰᠬᠠᠭᠠᠳ᠂ ᠠᠶᠢᠮᠠᠭ ᠤᠨ ᠵᠠᠬᠢᠷᠭ᠎ᠠ ᠶᠢᠨ ᠬᠤᠯᠪᠣᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ | ᠵᠢᠴᠢ ᠡᠯ᠎ᠡ ᠬᠤᠰᠢᠭᠤ ᠣᠷᠣᠨ ᠵᠡᠷᠭᠡ 32 ᠰᠠᠯᠠᠭ᠎ᠠ ᠮᠥᠴᠢᠷ ᠨᠢᠭᠡᠴᠡ ᠠᠴᠠ ᠰᠠᠨᠠᠯ ᠰᠠᠨᠠᠭᠤᠯᠭ᠎ᠠ ᠬᠤᠷᠢᠶᠠᠵᠤ᠂ | ᠵᠠᠰᠠᠪᠤᠷᠢ ᠣᠷᠣᠭᠤᠯᠤᠭᠰᠠᠨ ᠤ ᠳᠠᠷᠠᠭ᠎ᠠ ︽ᠠᠵᠢᠯ ᠤᠨ ᠭᠤᠤᠯᠳᠠᠯᠭ᠎ᠠ︾ ᠶᠢ ᠭᠠᠷᠭᠠᠵᠦ᠂ 3 ᠰᠠᠷ᠎ᠠ ᠶᠢᠨ 18 ᠤ | ᠡᠳᠦᠷ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ ᠳᠠᠷᠤᠮᠠᠯᠯᠠᠨ ᠲᠠᠷᠬᠠᠭᠠᠪᠠ᠃ | ᠳᠥᠷᠪᠡ᠂ ᠭᠤᠤᠯ ᠠᠭᠤᠯᠭ᠎ᠠ | ᠲᠣᠰ ︽ᠠᠵᠢᠯ ᠤᠨ ᠭᠤᠤᠯᠳᠠᠯᠭ᠎ᠠ︾ ᠨᠢ ᠤᠯᠠᠮᠵᠢᠯᠠᠯᠲᠤ ᠠᠵᠤ ᠦᠢᠯᠡᠰ ᠢ ᠳᠡᠭᠡᠭᠰᠢᠯᠡᠭᠦᠯᠬᠦ᠂ ᠰᠢᠨ᠎ᠡ ᠪᠠᠷ | ᠬᠥᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠶ ᠶᠢᠨ ᠠᠵᠤ ᠦᠢᠯᠡᠰ ᠢ ᠪᠤᠶᠢᠵᠢᠭᠤᠯᠬᠤ ᠪᠠᠷ | ᠭᠠᠷᠳᠠᠴᠠ ᠪᠣᠯᠭᠠᠵᠤ᠂ ᠣᠷᠣᠭᠤᠯᠤᠨ ᠠᠪᠴᠢᠷᠠᠬᠤ ᠬᠡᠪᠴᠢᠶ᠎ᠡ ᠪᠠᠨ ᠥᠷᠭᠡᠳᠬᠡᠬᠦ᠂ ᠣᠷᠣᠭᠤᠯᠤᠨ ᠠᠪᠴᠢᠷᠠᠬᠤ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠶᠡᠷᠦᠩᠬᠡᠶ ᠱᠠᠭᠠᠷᠳᠠᠯᠭ᠎ᠠ ᠪᠣᠯᠭᠠᠵᠤ᠂ ᠪᠥᠬᠦ ᠠᠶᠢᠮᠠᠭ ᠤᠨ 2025 | ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ | ᠨᠡᠶᠢᠲᠡ 4 ᠬᠡᠰᠡᠭ 17 ᠵᠤᠷᠪᠤᠰ ᠠᠭᠤᠯᠭ᠎ᠠ ᠶᠢ ᠲᠣᠳᠣᠷᠬᠠᠶᠢᠯᠠᠪᠠ᠃ | ᠨᠢᠭᠡᠳᠦᠭᠡᠷ ᠬᠡᠰᠡᠭ᠄ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠮᠬᠢ ᠳᠢᠭᠯᠢᠮ ᠢ ᠵᠢᠷᠤᠮᠵᠢᠭᠤᠯᠵᠤ᠂ | ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠎ᠠ᠃ ᠭᠤᠷᠪᠠᠨ ᠲᠣᠭᠲᠠᠴᠠ | ︵ᠳᠣᠬᠠᠶᠢᠯᠠᠪᠠᠯ ᠤᠯᠠᠷᠢᠯ ᠤᠨ ᠬᠤᠷᠠᠯ ᠤᠨ ᠳᠣᠭᠢᠷᠠᠭᠤᠯᠬᠤ ᠲᠣᠭᠲᠠᠴᠠ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠲᠥᠷᠥᠯ ᠵᠦᠢᠯ ᠤᠨ ᠠᠵᠢᠯᠯᠠᠭᠠᠨ ᠤ ᠲᠣᠭᠲᠠᠴᠠ ᠪᠠ ᠬᠢᠨᠠᠨ ᠰᠢᠯᠭᠠᠵᠤ ᠰᠢᠮᠳᠠᠭᠤᠯᠤᠨ ᠪᠠᠶᠢᠴᠠᠭᠠᠬᠤ | ᠲᠣᠭᠲᠠᠴᠠ︶ ᠶᠢ ᠰᠢᠯᠢᠳᠡᠭᠵᠢᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠮᠬᠢ ᠳᠢᠭᠯᠢᠮ ᠢ | ᠵᠢᠷᠤᠮᠵᠢᠭᠤᠯᠵᠤ᠂ ᠪᠥᠬᠦ ᠠᠶᠢᠮᠠᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠨᠢᠭᠡ ᠬᠥᠯᠭᠡ ᠰᠢᠲᠠᠷ᠎ᠠ︾ | ᠶᠢᠨ ᠪᠠᠶᠢᠷᠢᠰᠢᠯ ᠢ ᠪᠣᠶ ᠪᠣᠯᠭᠠᠨ᠎ᠠ᠃ | ᠬᠤᠶᠠᠳᠤᠭᠠᠷ ᠬᠡᠰᠡᠭ᠄ ᠠᠵᠤ ᠦᠢᠯᠡᠰ ᠤᠨ ᠨᠠᠷᠢᠯᠢᠭ ᠣᠨᠣᠪᠴᠢᠲᠠᠢ ᠪᠠᠷ ᠬᠦᠴᠦᠯᠡᠨ ᠴᠢᠷᠮᠠᠶᠢᠵᠤ ᠣᠷᠣᠨ | ᠪᠦᠰᠡ ᠶᠢᠨ ᠬᠠᠮᠲᠤᠷᠠᠯᠴᠠᠭ᠎ᠠ ᠶᠢ ᠬᠦᠨᠵᠡᠭᠡᠶᠢᠷᠡᠬᠦᠯᠦᠨ᠎ᠡ᠃ ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠦᠨᠡᠨ ᠬᠦ ︽ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠠᠵᠢᠯᠯᠠᠭ᠎ᠠ︾ ᠪᠠᠷ ᠬᠥᠲᠥᠯᠥᠨ ᠳᠠᠭᠠᠭᠤᠯᠵᠤ ᠪᠠᠶᠢᠭᠠᠳ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠳᠤ ᠬᠦᠴᠦᠨ ᠨᠡᠮᠡᠷᠢᠯᠡᠵᠦ ᠰᠢᠨ᠎ᠡ ᠰᠢᠪᠲᠤᠯᠤᠯᠲᠠ ᠲᠠᠢ ᠪᠣᠯᠭᠠᠨ᠎ᠠ᠃ ᠠᠵᠤ ᠦᠢᠯᠡᠰ ᠤᠨ ᠬᠡᠯᠬᠢᠶ᠎ᠡ ᠶᠢᠨ | ᠬᠤᠳᠠᠯᠳᠤᠭᠠᠴᠢᠨ ᠤᠷᠢᠬᠤ ᠶᠢ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠠᠵᠤ ᠦᠢᠯᠡᠰ ᠤᠨ | ᠲᠣᠭᠤᠷᠢᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠥᠰᠥᠯ ᠢ ᠪᠠᠶᠢᠷᠢᠰᠢᠭᠤᠯᠤᠨ | ᠲᠣᠭᠲᠠᠭᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ | ᠬᠤᠳᠠᠯᠳᠤᠭᠠᠴᠢᠨ ᠤᠷᠢᠬᠤ ᠰᠠᠭᠤᠷᠢ ᠶᠢ ᠪᠠᠲᠤᠳᠬᠠᠨ᠎ᠠ᠃ ᠤᠯᠠᠮᠵᠢᠯᠠᠯᠲᠤ ᠠᠵᠤ ᠦᠢᠯᠡᠰ ᠢ ᠳᠡᠭᠡᠭᠰᠢᠯᠡᠭᠦᠯᠬᠦ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ | ᠪᠤᠶᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠬᠤᠳᠠᠯᠳᠤᠭᠠᠴᠢᠨ ᠤᠷᠢᠵᠤ ᠪᠡᠯᠡ ᠣᠷᠣᠭᠤᠯᠦᠨᠡ᠃ | ᠭᠠᠳᠠᠭᠠᠳᠤ ᠪᠡᠯᠡ ᠶᠢ ᠲᠠᠳᠠᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠪᠠ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠨ᠎ᠠ᠃ | ᠭᠤᠷᠪᠠᠳᠤᠭᠠᠷ ᠬᠡᠰᠡᠭ᠄ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠵᠦ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠮᠢᠵᠢᠷᠠᠯ ᠤᠨ ᠬᠦᠴᠦᠨ ᠢ ᠬᠦᠭᠵᠢᠬᠡᠨ᠎ᠡ᠃ ︽ᠪᠠᠭ᠎ᠠ ᠠᠩᠭᠢ︾ | ᠶᠢᠨ ᠨᠠᠷᠢᠯᠢᠭ ᠣᠨᠣᠪᠴᠢᠳᠠᠢ ᠪᠠᠷ ᠬᠤᠳᠠᠯᠳᠤᠭᠠᠴᠢᠨ ᠤᠷᠢᠬᠤ ᠶᠢ ᠦᠷᠭᠦᠯᠵᠢᠯᠡᠨ ᠥᠷᠨᠢᠭᠦᠯᠵᠦ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠠᠵᠢᠯ ᠤᠨ ᠬᠠᠨᠳᠤᠯᠭᠠᠲᠤ ᠴᠢᠨᠠᠷ ᠢ ᠦᠨᠡᠨ ᠬᠦ ᠴᠢᠩᠭᠠᠳᠬᠠᠨ᠎ᠠ᠃ ᠠᠶᠢᠮᠠᠭ ᠤᠨ | ᠳᠣᠲᠣᠷᠠᠬᠢ ᠡᠯ᠎ᠡ ᠬᠤᠰᠢᠭᠤ ᠣᠷᠣᠨ ᠤ ᠵᠦᠷᠢᠶᠡᠴᠢᠯᠡᠭᠰᠡᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠡᠯ᠎ᠡ | ᠬᠤᠰᠢᠭᠤ ᠣᠷᠣᠨ ᠤ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠵᠦᠷᠢᠶᠡᠴᠢᠯᠡᠭᠰᠡᠨ ᠬᠤᠳᠠᠯᠳᠤᠭᠠᠴᠢᠨ | ᠤᠷᠢᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠤᠯᠯᠠᠬᠤ ᠠᠵᠤ ᠦᠢᠯᠡᠰ ᠢ ᠬᠦᠴᠦᠷᠬᠡᠭᠵᠢᠭᠦᠯᠦᠨ᠂ | ᠤᠨᠴᠠᠯᠢᠬᠳᠤ ᠠᠵᠤ ᠦᠢᠯᠡᠰ ᠢ ᠰᠢᠯᠢᠳᠡᠭᠵᠢᠭᠦᠯᠦᠨ᠎ᠡ᠃ ︽ᠣᠷᠣᠨ ᠠᠯᠤᠰᠯᠠᠭᠰᠠᠨ ᠠᠵᠤ ᠠᠬᠤᠶ︾ ᠶᠢ ᠶᠡᠬᠡᠪᠡᠷ | ᠬᠥᠭᠵᠢᠭᠦᠯᠵᠦ᠂ ︽ᠬᠦᠷᠢᠶᠡᠯᠡᠩ ᠲᠣᠭᠤᠷᠢᠭ ᠢ ᠬᠠᠮᠲᠤᠪᠠᠷ ᠬᠡᠷᠡᠭᠯᠡᠬᠦ᠂ ᠲᠥᠷᠥᠯ ᠵᠦᠢᠯ ᠢ ᠬᠠᠮᠲᠤᠪᠠᠷ ᠣᠷᠣᠭᠤᠯᠬᠤ᠂ | ᠠᠵᠤ ᠦᠢᠯᠡᠰ ᠢ ᠬᠠᠮᠲᠤᠪᠠᠷ ᠪᠠᠶᠢᠭᠤᠯᠬᠤ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ︾ ᠵᠠᠷᠴᠢᠮ ᠶᠣᠰᠣᠭᠠᠷ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠪᠦᠲᠦᠮᠵᠢᠲᠡᠶ ᠳᠦᠪᠯᠡᠷᠡᠭᠦᠯᠦᠨᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠨ᠎ᠡ ᠠᠷᠭ᠎ᠠ ᠪᠠᠷᠢᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ | ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠲᠤᠰ ᠪᠡᠶ᠎ᠡ ᠶᠢᠨ ᠬᠥᠭᠵᠢᠯᠲᠡ ᠳᠡᠭᠡᠨ ᠳᠣᠭᠢᠷᠬᠠᠰᠠᠨ ᠰᠢᠨ᠎ᠡ | ᠠᠷᠭ᠎ᠠ ᠵᠠᠮ ᠢ ᠡᠷᠢᠯᠬᠢᠯᠡᠨ᠎ᠡ᠃ ᠣᠷᠣᠭᠤᠯᠤᠨ ᠠᠪᠴᠢᠷᠠᠬᠤ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ | ᠬᠡᠯᠬᠢᠶ᠎ᠡ ᠶᠢᠨ ᠬᠡᠯᠪᠡᠷᠢ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ | ᠨᠠᠶᠢᠳᠠᠯᠭ᠎ᠠ ᠪᠠᠷ ᠬᠤᠳᠠᠯᠳᠤᠭᠠᠴᠢᠨ ᠤᠷᠢᠬᠤ᠂ ᠬᠠᠨᠳᠤᠯᠭ᠎ᠠ ᠲᠠᠢ ᠪᠠᠷ ᠬᠤᠳᠠᠯᠳᠤᠭᠠᠴᠢᠨ ᠤᠷᠢᠬᠤ ᠵᠡᠷᠭᠡ ᠠᠷᠭ᠎ᠠ ᠶᠢ | ᠭᠦᠢᠴᠡᠳ ᠰᠠᠶᠢᠲᠤᠷ ᠬᠡᠷᠡᠭᠯᠡᠬᠦ ᠬᠡᠷᠡᠭᠲᠡᠢ᠃ ᠲᠠᠪᠴᠠᠩ ᠢᠶᠠᠷ ᠠᠷᠠᠯᠵᠢᠶᠠᠴᠢᠨ ᠤᠷᠢᠬᠤ ᠶᠢ ᠦᠷᠭᠦᠯᠵᠢᠯᠡᠨ | ᠴᠢᠩᠭᠠᠳᠬᠠᠵᠤ᠂ ︽ᠤᠷᠢᠵᠤ ᠠᠪᠴᠢᠷᠠᠬᠤ᠂ ᠭᠠᠳᠠᠭᠰᠢ ᠭᠠᠷᠬᠤ︾ ᠮᠠᠶ᠋ᠢᠭ ᠤᠨ ᠨᠠᠷᠢᠯᠢᠭ ᠣᠨᠣᠪᠴᠢᠳᠠᠢ ᠪᠠᠷ | ᠬᠤᠳᠠᠯᠳᠤᠭᠠᠴᠢᠨ ᠤᠷᠢᠬᠤ ᠶᠢ ᠪᠠᠷᠢᠮᠲᠠᠯᠠᠨ᠎ᠠ᠃ | ᠳᠥᠷᠪᠡᠳᠦᠭᠡᠷ ᠬᠡᠰᠡᠭ᠄ ᠬᠤᠳᠠᠯᠳᠤᠭᠠᠴᠢᠨ ᠤᠷᠢᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠲᠥᠷᠥᠯ ᠵᠦᠢᠯ ᠢ ᠨᠠᠶᠢᠳᠠᠪᠤᠷᠢᠵᠢᠭᠤᠯᠤᠨ ᠣᠯᠠᠷᠢᠭᠤᠯᠬᠤ ᠶᠢ ᠲᠦᠷᠭᠡᠳᠬᠡᠨ᠎ᠡ᠃ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠥᠷᠥᠯ ᠵᠦᠢᠯ ᠢ ᠪᠣᠳᠠᠲᠠᠶᠢᠵᠢᠭᠤᠯᠤᠨ ᠣᠯᠠᠷᠢᠭᠤᠯᠬᠤ ᠶᠢ | ᠲᠦᠷᠭᠡᠳᠬᠡᠨ᠎ᠡ᠃ ᠲᠥᠷᠥᠯ ᠵᠦᠢᠯ ᠤᠨ ᠪᠥᠬᠦ ᠴᠤᠪᠤᠷᠠᠯ ᠤᠨ ᠦᠢᠯᠡᠴᠢᠯᠡᠭᠡ ᠶᠢ ᠥᠷᠨᠢᠭᠦᠯᠵᠦ᠂ ᠭᠡᠷ᠎ᠡ ᠲᠣᠭᠲᠠᠭᠰᠠᠨ | ᠲᠥᠷᠥᠯ ᠵᠦᠢᠯ ᠤᠨ ᠠᠵᠢᠯ ᠡᠬᠢᠯᠡᠭᠦᠯᠬᠦ ᠨᠣᠷᠮ᠎ᠠ᠂ ᠪᠠᠯᠠ ᠮᠥᠩᠭᠦ ᠶᠢ ᠪᠣᠳᠠᠲᠠᠶᠢᠵᠢᠭᠤᠯᠬᠤ ᠨᠣᠷᠮ᠎ᠠ᠂ ᠲᠥᠷᠥᠯ | ᠵᠦᠢᠯ ᠤᠨ ᠠᠵᠢᠯ ᠳᠠᠭᠤᠰᠬᠠᠬᠤ ᠨᠣᠷᠮ᠎ᠠ ᠶᠢ ᠦᠨᠡᠨᠬᠦ ᠳᠡᠭᠡᠭᠰᠢᠯᠡᠭᠦᠯᠦᠨ᠎ᠡ᠃ ᠬᠤᠳᠠᠯᠳᠤᠭᠠᠴᠢᠨ ᠤᠷᠢᠬᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠᠯᠳᠤᠭᠠᠴᠢᠨ ᠤᠷᠢᠬᠤ ᠡᠩᠨᠡᠭᠡ ᠶᠢᠨ ᠲᠤᠰᠬᠠᠶᠢᠵᠢᠭᠰᠠᠨ | ᠴᠢᠳᠠᠪᠤᠷᠢ ᠪᠠ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | |